ᠵᠢᠷᠭᠠᠯᠠᠩᠳᠦ ᠰᠤᠮᠤᠨ ᠤ ᠵᠢᠷᠭᠤᠳᠤᠭᠠᠷ ᠬᠤᠭᠤᠴᠠᠭᠠᠨ ᠤ ︽ᠲᠡᠭᠵᠢᠷᠡᠬᠦ ᠨᠠᠷᠠᠨ ᠬᠤᠨᠳᠠᠭᠠᠲᠤ︾ ᠬᠦᠯ ᠪᠥᠮᠪᠦᠭᠡ ᠶᠢᠨ ᠤᠷᠤᠯᠳᠤᠭᠠᠨ ᠬᠦᠭᠵᠢᠶᠠᠨᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/8/12
   8 ᠰᠠᠷ᠎ᠠ ᠶᠢᠨ 2 ᠤᠨ ᠡᠳᠦᠷ ᠵᠢᠷᠭᠠᠯᠠᠩᠳᠦ ᠰᠤᠮᠤᠨ ᠤ ᠵᠢᠷᠭᠤᠳᠤᠭᠠᠷ ᠬᠤᠭᠤᠴᠠᠭᠠᠨ ᠤ ︽ᠲᠡᠭᠵᠢᠷᠡᠬᠦ ᠨᠠᠷᠠᠨ ᠬᠤᠨᠳᠠᠭᠠᠲᠤ︾ ᠬᠥᠯ ᠪᠥᠮᠪᠥᠭᠡᠨ ᠤ ᠤᠷᠤᠯᠳᠤᠭᠠᠨ ᠬᠥᠭᠵᠢᠶᠡᠨ ᠲᠠᠢ ᠶᠠᠪᠤᠭᠳᠠᠯ᠎ᠠ᠃    ᠤᠷᠤᠯᠳᠤᠭᠠᠨ ᠨᠢ 7 ᠬᠥᠮᠦᠨ ᠤ ᠲᠦᠷᠢᠮᠳᠦ ᠤᠷᠤᠯᠳᠤᠭᠠᠨ ᠤ ᠬᠡᠯᠪᠡᠷᠢ ᠪᠠᠷ᠂ ᠳᠤᠭᠤᠶᠢᠯᠠᠩ ᠤᠨ ᠤᠷᠤᠯᠳᠤᠭᠠᠨ᠂ ᠬᠠᠭᠠᠰ ᠰᠢᠢᠳᠪᠤᠷᠢᠳᠦ ᠤᠷᠤᠯᠳᠤᠭᠠᠨ ᠪᠠ ᠰᠢᠢᠳᠪᠤᠷᠢᠳᠦ ᠤᠷᠤᠯᠳᠤᠭᠠᠨ ᠬᠤᠪᠢᠶᠠᠨ ᠶᠠᠪᠤᠭᠳᠠᠵᠦ᠂  ᠵᠢᠷᠭᠠᠯᠠᠩᠳᠦ ᠰᠤᠮᠤᠨ ᠤ ᠪᠠᠶᠢᠭᠤᠯᠭ᠎ᠠ ᠨᠢᠭᠡᠴᠡ ᠪᠠ 7 ᠭᠠᠴᠠᠭᠠᠨ ᠤ 8 ᠲᠥᠯᠥᠭᠡᠯᠡᠭᠴᠢᠳ ᠤᠨ ᠠᠩᠭᠢ ᠵᠢᠴᠢ ᠬᠥᠯ ᠪᠦᠮᠪᠦᠭᠡ ᠶᠢᠨ ᠪᠠᠭ᠋ᠠᠳᠠᠳ 200 ᠭᠠᠷᠤᠶ ᠬᠥᠮᠦᠨ ᠤᠷᠤᠯᠳᠤᠭᠠᠨ ᠳᠤ ᠤᠷᠤᠯᠴᠠᠬᠤ ᠶᠢᠨ ᠬᠠᠮᠳᠦ ᠤᠷᠤᠯᠳᠤᠭᠠᠨ ᠢ ᠰᠤᠨᠢᠷᠬᠠᠯ᠎ᠠ᠃    ᠠᠭᠤᠷ ᠠᠮᠢᠰᠬᠤᠯ ᠠᠭᠠᠬᠢᠮ᠎ᠠ ᠬᠠᠯᠠᠭᠤᠨ ᠪᠠᠶᠢᠭᠰᠠᠨ ᠴᠦ ᠬᠦᠯ ᠪᠦᠮᠪᠦᠭᠡ ᠶᠢᠨ ᠪᠠᠭ᠋ᠠᠳᠠᠳ ᠨᠤᠭᠤᠭᠠᠨ ᠲᠡᠪᠵᠢᠶ᠎ᠡ ᠬᠦᠭᠵᠢᠭᠡᠵᠦ᠂ ᠬᠢᠨᠠᠭᠴᠢ ᠶᠢᠨ ᠱᠦᠭᠯᠦ ᠶᠢᠨ ᠲᠠᠭᠤᠨ ᠤᠷᠤᠯᠳᠤᠭᠠᠨ ᠡᠬᠢᠯᠡᠭᠰᠡᠨ ᠢ ᠵᠠᠷᠯᠠᠬᠤ ᠳᠤ᠂ ᠲᠠᠮᠢᠷᠴᠢᠳ ᠮᠠᠨᠢ‌ᠬᠠᠮᠵᠢᠯᠴᠠᠭ᠎ᠠ ᠮᠡᠷᠭᠡᠵᠢᠯ ᠤᠨ ᠰᠤᠳᠤᠨ ᠢ ᠬᠠᠷᠠᠭᠤᠯᠵᠦ᠂ ᠬᠤᠷᠴᠠ ᠰᠢᠷᠦᠬᠦᠨ ᠠᠳᠠᠯ᠎ᠠ ᠪᠠᠨ ᠨᠦᠬᠦᠷᠰᠡᠭ ᠦᠷᠢᠰᠦᠯᠳᠦᠭᠡᠨ ᠦᠵᠡᠬᠦᠯᠦᠨ᠂ ᠪᠥᠮᠪᠥᠭᠡᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ  ᠪᠢᠯᠬᠠᠵᠦ᠂ ᠤᠷᠤᠯᠳᠤᠭᠠᠨ ᠳᠤ ᠣᠷᠣᠯᠴᠠᠭᠰᠠᠳ ᠤᠨ ᠴᠤᠭ ᠵᠢᠪᠬᠤᠭ᠎ᠠ ᠪᠠᠳᠠᠷᠠᠭᠤᠨ ᠪᠠᠶᠢᠯ᠎ᠠ᠃    ᠬᠤᠶᠠᠷ ᠡᠳᠦᠷ ᠤᠨ ᠲᠤᠷᠰᠢᠬᠢ ᠤᠷᠤᠯᠳᠤᠭᠠᠨ ᠤ ᠳ᠋ᠦᠩ ᠳᠤ ᠪᠠᠶᠠᠨᠮᠠᠨᠳᠤ ᠭᠠᠴᠠᠭᠠᠨ ᠤ ᠬᠦᠯ ᠪᠥᠮᠪᠦᠭᠡ ᠶᠢᠨ ᠠᠩᠬᠢ ᠮᠠᠩᠯᠠᠶᠢᠯᠠᠵᠤ᠂ ᠰᠤᠮᠤᠨ ᠤ ᠪᠠᠶᠢᠭᠤᠯᠭ᠎ᠠ ᠨᠢᠭᠡᠴᠡ ᠶᠢᠨ ᠬᠦᠯ ᠪᠦᠮᠪᠦᠭᠡ ᠶᠢᠨ ᠠᠩᠬᠢ ᠲᠡᠳ᠋ᠯᠡᠨ᠂ ᠪᠠᠶᠠᠷᠲᠤ ᠭᠠᠴᠠᠭᠠᠨ ᠤ ᠪᠥᠮᠪᠦᠭᠡ ᠶᠢᠨ ᠠᠩᠬᠢ ᠭᠤᠲᠠᠭᠠᠷ ᠲᠤ ᠤᠷᠤᠭᠰᠠᠨ ᠪᠠᠶᠢᠨ᠎ᠠ᠃ᠲᠤᠰ ᠤᠳᠠᠭᠠᠨ ᠤ ᠬᠦᠯ ᠪᠥᠮᠪᠦᠭᠡ ᠶᠢᠨ ᠤᠷᠤᠯᠳᠤᠭᠠᠨ ᠨᠢ ᠵᠢᠷᠭᠠᠯᠠᠩᠳᠦ ᠰᠤᠮᠤᠨ ᠤ ᠥᠷᠭᠡᠨ ᠣᠯᠠᠨ ᠬᠥᠯ  ᠪᠦᠮᠪᠦᠭᠡ ᠶᠢᠨ ᠪᠠᠭ᠋ᠠᠳᠠᠳ ᠲᠤ ᠴᠤᠭ ᠵᠢᠪᠬᠤᠭ᠎ᠠ ᠪᠠᠨ ᠢᠯᠡᠷᠡᠬᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠤᠨ᠂ ᠡᠷᠡᠭᠦᠯ ᠴᠢᠭᠢᠷᠠᠭ᠂ ᠢᠳᠡᠪᠬᠢ᠂ ᠥᠭᠡᠳᠡᠷᠬᠡᠭ ᠠᠭᠤᠷ ᠠᠮᠢᠰᠬᠤᠯ ᠢ ᠪᠤᠢ ᠪᠣᠯᠭᠠᠵᠤ᠂ ᠦᠷᠭᠡᠨ ᠤᠯᠠᠨ ᠮᠠᠯᠴᠢᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠯᠬᠦᠮᠳᠡᠯ ᠨᠢᠬᠳᠠᠷᠠᠯ ᠲᠠᠢ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠬᠠᠩᠭᠠᠬᠤ ᠶᠢ ᠵᠤᠷᠢᠭᠰᠠᠨ ᠶᠤᠮ᠃    ᠡᠨᠡᠬᠦ ᠤᠷᠤᠯᠳᠤᠭᠠᠨ ᠨᠢ 2 ᠡᠳᠦᠷ ᠤᠨ ᠬᠤᠭᠤᠴᠠᠭ᠎ᠠ ᠲᠠᠢ ᠶᠠᠪᠤᠭᠳᠠᠵᠦ᠂ ᠥᠷᠭᠡᠨ ᠤᠯᠠᠨ ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠮᠠᠯᠴᠢᠨ ᠲᠦᠮᠡᠨ ᠤ ᠥᠷᠭᠡᠨ ᠳᠡᠯᠭᠡᠷ ᠰᠣᠯᠢᠯᠴᠠᠭ᠎ᠠ ᠪᠠ ᠬᠠᠮᠳᠤᠷᠠᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠲᠠᠭᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠬᠦᠭ ᠠᠶᠠᠰ ᠢ ᠴᠢᠪᠬᠠᠳᠠᠭᠰᠠᠨ ᠪᠠᠰᠠ ᠨᠢᠭᠡᠨ ᠠᠵᠢᠯᠯᠠᠭ᠎ᠠ ᠪᠤᠯᠤᠭᠰᠠᠨ ᠶᠤᠮ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号