ᠨᠠᠷᠠᠨᠪᠤᠯᠠᠭ ᠰᠤᠮᠤ ᠨᠢ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠨᠠᠷᠢᠯᠢᠭ ᠤᠨᠤᠪᠴᠢᠲᠤ ᠴᠢᠨᠠᠷ ᠪᠠ | ᠲᠦᠷᠢᠮᠵᠢᠭᠰᠡᠨ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠥᠪᠥᠷ ᠮᠣᠩᠭᠤᠯ ᠤᠨ ᠠᠪᠤᠷᠠᠨ ᠲᠤᠰᠠᠯᠠᠬᠤ | ᠪᠢᠴᠢᠯ ᠰᠤᠹᠲ︾ ᠶᠢ ᠲᠦᠭᠡᠮᠡᠯᠵᠢᠬᠦᠯᠦᠨ ᠬᠡᠷᠡᠭᠯᠡᠬᠦ ᠶᠢ ᠠᠬᠢᠭᠤᠯᠬᠤ ᠶᠢᠨ ᠲᠦᠯᠦᠭᠡ᠂ 7 ᠰᠠᠷ᠎ᠠ ᠠᠴᠠ ᠨᠠᠰᠢ᠂ | ᠪᠢᠴᠢᠯ ᠰᠤᠹᠲ ᠪᠠᠷ ᠠᠪᠤᠷᠠᠨ ᠲᠤᠰᠠᠯᠠᠯᠲᠠ ᠶᠢᠨ ᠠᠵᠢᠯ ᠤᠨ ᠭᠤᠶᠤᠴᠢᠯᠠᠬᠤ᠂ ᠭᠥᠯᠢᠶᠡᠨ ᠠᠪᠬᠤ ᠠᠴᠠ ᠡᠬᠢᠯᠡᠭᠡᠳ | ᠬᠠᠷᠭᠤᠭᠤᠯᠵᠤ ᠪᠠᠶᠢᠴᠠᠭᠠᠬᠤ᠂ ᠨᠤᠲᠠᠯᠠᠵᠤ ᠭᠦᠢᠴᠡᠳᠬᠡᠬᠦ ᠬᠦᠷᠲᠡᠯ᠎ᠡ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ | ᠶᠠᠪᠤᠭᠳᠠᠭᠤᠯᠵᠤ᠂ ᠮᠠᠯᠴᠢᠨ ᠲᠦᠮᠡᠨ ᠳᠤ ᠲᠥᠬᠦᠮ ᠦᠵᠡᠭᠦᠯᠵᠦ᠂ ᠬᠦᠴᠢᠷᠳᠡᠯᠲᠡᠶ ᠣᠯᠠᠨ ᠲᠦᠮᠡᠨ ᠢ ᠳᠤᠲᠠᠭᠤ | ᠭᠦᠶᠦᠯᠭᠡᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ︽ᠠᠯᠠᠭᠠᠨ ᠳᠡᠭᠡᠷ᠎ᠡ ᠭᠦᠢᠴᠡᠳᠭᠡᠬᠦ᠂ ᠬᠤᠷᠤᠭᠤᠨ ᠤ | ᠦᠵᠦᠭᠦᠷ ᠲᠤ ᠭᠦᠢᠴᠡᠳᠭᠡᠬᠦ︾ ᠶᠢ ᠪᠠᠶᠡᠯᠡᠬᠦᠯᠬᠦ ᠶᠢ ᠦᠨᠡᠨᠬᠦ ᠠᠬᠢᠭᠤᠯᠤᠨ᠂ ᠤᠳᠤᠬᠠᠨ ᠪᠣᠯᠲᠠᠯ᠎ᠠ᠂ ᠨᠠᠷᠠᠨᠪᠤᠯᠠᠭ | ᠰᠤᠮᠤᠨ ᠤ ᠲᠠᠭᠠᠳᠬᠠᠯ ᠳᠤ ᠪᠠᠶᠢᠭ᠎ᠠ 77 ᠠᠪᠤᠷᠠᠨ ᠲᠤᠰᠠᠯᠠᠬᠤ ᠡᠲᠡᠭᠡᠳ ᠪᠦᠬᠦᠨ ᠢᠶᠠᠷ ᠢᠶᠠᠨ ︽ᠥᠪᠥᠷ | ᠮᠣᠩᠭᠤᠯ ᠤᠨ ᠠᠪᠤᠷᠠᠨ ᠲᠤᠰᠠᠯᠠᠬᠤ ᠪᠢᠴᠢᠯ ᠰᠤᠹᠲ︾ ᠶᠢ ᠲᠠᠩᠰᠠᠯᠠᠨ᠂ ᠡᠯᠧᠺᠲᠷᠤᠨ ᠡᠷᠬᠡ ᠣᠯᠭᠤᠬᠤ ᠪᠢᠴᠢᠭ | ᠲᠤ ᠭᠠᠷ ᠤᠨ ᠦᠰᠦᠭ ᠵᠢᠷᠤᠬᠤ ᠶᠢ ᠪᠡᠶᠡᠯᠡᠭᠦᠯᠵᠦ᠂ ᠪᠡᠶᠡᠯᠡᠭᠦᠯᠦᠭᠰᠡᠨ ᠬᠠᠷᠢᠴᠠᠯ ᠨᠢ 100% ᠳᠤ ᠬᠦᠷᠪᠡ᠃ | ᠬᠥᠳᠡᠯᠵᠦ ᠪᠠᠷᠢᠬᠤ ᠳᠤ ᠳᠥᠭᠦᠮ ᠦᠭᠡᠢ ᠬᠦᠴᠢᠷᠳᠡᠯᠲᠡᠶ ᠣᠯᠠᠨ ᠲᠦᠮᠡᠨ ᠪᠠ ᠤᠶᠤᠨᠲᠤ ᠭᠠᠷ ᠤᠲᠠᠰᠤ | ᠬᠡᠷᠡᠭᠯᠡᠳᠡᠭ ᠥᠬᠡᠶ᠂ ᠦᠷ᠎ᠡ ᠬᠡᠤᠬᠡᠳ ᠨᠢ ᠬᠠᠵᠠᠭᠤ ᠳᠤᠨᠢ ᠪᠠᠶᠢᠬᠤ ᠥᠬᠡᠶ ᠨᠠᠰᠤᠲᠠᠶᠢᠴᠤᠳ ᠤᠨ ︽ᠥᠪᠥᠷ | ᠮᠣᠩᠭᠤᠯ ᠤᠨ ᠠᠪᠤᠷᠠᠨ ᠲᠤᠰᠠᠯᠠᠬᠤ ᠪᠢᠴᠢᠯ ᠰᠤᠹᠲ︾ ᠶᠢ ᠳᠠᠩᠰᠠᠯᠠᠬᠤ᠂ ᠡᠷᠬᠡ ᠣᠯᠭᠤᠬᠤ ᠪᠢᠴᠢᠭ ᠲᠤ ᠭᠠᠷ ᠤᠨ | ᠥᠰᠥᠭ ᠵᠢᠷᠤᠵᠤ ᠴᠢᠳᠠᠬᠤ ᠦᠭᠡᠢ ᠪᠠᠶᠢᠳᠠᠯ ᠳᠤ ᠴᠢᠭᠯᠡᠬᠦᠯᠦᠨ᠂ ᠨᠠᠷᠠᠨᠪᠤᠯᠠᠭ ᠰᠤᠮᠤ ᠡᠷᠦᠬᠡ ᠳᠤ ᠭᠦᠨᠵᠡᠭᠡᠶᠢᠷᠡᠬᠦ᠂ | ᠨᠢᠭᠡᠳᠦᠯᠲᠡᠶ ᠲᠥᠪᠯᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠠᠪᠰᠤᠷᠤᠨ ᠬᠦᠢᠴᠡᠳᠭᠡᠵᠦ ᠦᠭᠴᠠᠢ᠃ | ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠢ ᠭᠠᠷᠳᠠᠨ ᠬᠢᠬᠦ ᠴᠢᠳᠠᠪᠤᠷᠢ ᠶᠢ | ᠦᠨᠡᠨ ᠬᠦ ᠳᠡᠭᠡᠭᠰᠢᠯᠡᠭᠦᠯᠬᠦ ᠶᠢᠨ ᠬᠠᠮᠲᠤ᠂ ᠶᠠᠪᠤᠵᠤ ᠰᠠᠭᠤᠬᠤ ᠳᠤ ᠳᠦᠭᠦᠮ ᠦᠭᠡᠢ᠂ ᠬᠤᠯᠠ ᠰᠠᠭᠤᠷᠢᠰᠢᠵᠦ | ᠪᠠᠶᠢᠭ᠎ᠠ᠂ ᠣᠨᠳᠣᠤ ᠭᠠᠵᠠᠷ ᠲᠤ ᠬᠤᠯᠠ ᠪᠠᠶᠢᠬᠤ᠂ ᠲᠥᠷᠥ ᠶᠢᠨ ᠪᠣᠳᠣᠯᠭ᠎ᠠ ᠶᠢ ᠤᠶᠢᠯᠠᠭᠠᠬᠤ ᠦᠭᠡᠢ᠂ ᠮᠡᠳᠡᠭᠡ | ᠵᠠᠩᠭᠢ ᠰᠤᠨᠤᠰᠬᠤ ᠪᠠᠷ ᠠᠨᠠᠢ ᠬᠦᠴᠢᠷᠳᠡᠯᠲᠡᠶ ᠣᠯᠠᠨ ᠲᠦᠮᠡᠨ ᠳᠤ ᠳᠥᠭᠦᠮ ᠳᠥᠲᠡ ᠲᠦᠷᠭᠡᠨ ᠦᠢᠯᠡᠴᠢᠯᠡᠭᠡ | ᠬᠠᠩᠭᠠᠭᠰᠠᠨ ᠪᠠᠶᠢᠨ᠎ᠠ᠃ | ᠨᠠᠷᠠᠨᠪᠤᠯᠠᠭ ᠰᠤᠮᠤ ︽ᠥᠪᠥᠷ ᠮᠣᠩᠭᠤᠯ ᠤᠨ ᠠᠪᠤᠷᠠᠨ ᠲᠤᠰᠠᠯᠠᠬᠤ ᠪᠢᠴᠢᠯ ᠰᠤᠹᠲ︾ ᠶᠢ ᠲᠦᠭᠡᠮᠡᠯᠵᠢᠬᠦᠯᠦᠨ | ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠮᠡᠳᠡᠭᠡ ᠵᠠᠩᠭᠢᠵᠢᠯᠲᠠ᠂ | ᠤᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠠᠩ ᠣᠯᠠᠨ ᠬᠦᠴᠢᠷᠳᠡᠯᠲᠡᠶ ᠣᠯᠠᠨ ᠲᠦᠮᠡᠨ ᠳᠤ ᠨᠠᠩ | ᠥᠨᠳᠥᠷ ᠪᠦᠲᠦᠮᠵᠢᠲᠡᠶ᠂ ᠨᠠᠩ ᠳᠥᠭᠦᠮ ᠳᠥᠲᠡ ᠦᠢᠯᠡᠴᠢᠯᠡᠭᠡ ᠬᠠᠩᠭᠠᠬᠤ ᠳᠤ ᠪᠡᠯᠡᠬᠡᠨ ᠪᠠᠶᠢᠨ᠎ᠠ᠃ |