ᠠᠪᠠᠭ᠎ᠠ ᠬᠤᠰᠢᠭᠤ ᠨᠢ ᠬᠠᠶᠢᠯᠤᠭᠤᠷ ᠵᠣᠩᠰᠢ ᠪᠠᠷ ᠵᠠᠭᠤᠴᠢ ᠪᠣᠯᠭᠠᠨ ᠣᠯᠠᠨ ᠠᠷᠭ᠎ᠠ ᠬᠡᠮᠵᠢᠶ᠎ᠡ ᠠᠪᠴᠤ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ ᠪᠣᠶ
ᠨᠡᠶᠢᠲᠡᠯᠡᠭᠰᠡᠨ ᠴᠠᠭ᠄
2024/8/14
   ᠬᠤᠰᠢᠭᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠣᠰᠣᠭᠠᠷ᠂ 8 ᠰᠠᠷ᠎ᠠ ᠶᠢᠨ 5 ᠤ ᠡᠳᠦᠷ ᠠᠴᠠ 7 ᠤ ᠡᠳᠦᠷ ᠪᠣᠯᠲᠠᠯ᠎ᠠ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠴᠧᠨ ᠵᠢᠶᠠᠨ ᠵᠢᠶᠦ᠋ᠨ ᠪᠦᠯᠬᠦᠮ ᠳᠠᠭᠠᠭᠤᠯᠤᠨ ᠪᠤᠭᠤᠲᠤ ᠳᠤ ᠬᠦᠷᠴᠦ 2024 ᠣᠨ ᠤ ᠪᠥᠬᠦ ᠤᠯᠤᠰ ᠤᠨ ᠹᠯᠣᠷ ᠤᠨ ᠡᠬᠢ ᠪᠠᠶᠠᠯᠢᠭ ᠤᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠶᠢ ᠡᠭᠦᠳᠬᠦ ᠶᠡᠭᠡ ᠬᠤᠷᠠᠯ ᠳᠤ ᠣᠷᠣᠯᠴᠠᠪᠠ᠃    ᠬᠤᠷᠠᠯ ᠤᠨ ᠬᠤᠭᠤᠴᠠᠭᠠᠨ ᠳᠤ᠂ ᠴᠧᠨ ᠵᠢᠶᠠᠨ ᠵᠢᠶᠦ᠋ᠨ ᠠᠴᠠ ᠶᠢᠨ ᠱᠢ ᠡᠬᠢ ᠪᠠᠶᠠᠯᠢᠭ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠢᠨ ᠬᠤᠸᠠ᠂ ᠭᠦᠢᠵᠧᠦ ᠶᠢᠨ ᠸᠧᠩ ᠹᠦ᠋ ᠯᠠᠨ ᠲᠢᠶᠠᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠰᠢᠤᠸᠠᠢ᠂ ᠪᠡᠭᠡᠵᠢᠩ ᠤᠨ ᠬᠤᠸᠠ ᠯᠦᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠩ ᠡᠯ ᠲᠠᠢ᠂ ᠥᠪᠥᠷ ᠮᠣᠩᠭᠤᠯ ᠤᠨ ᠮᠧᠩ ᠲᠢᠶᠠᠨ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠭᠤᠸᠠᠩ ᠵᠢᠶᠦ᠋ᠨ᠂ ᠡᠯᠧᠮᠧᠨ᠋ᠲ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠤᠤ ᠷᠦᠢ ᠹᠧᠩ ᠢ ᠲᠤᠰ ᠲᠤᠰ ᠤᠷᠢᠵᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠴᠧᠨ ᠵᠢᠶᠠᠨ ᠵᠢᠶᠦ᠋ᠨ ᠢᠯᠡᠷᠬᠡᠶᠢᠯᠡᠬᠦ ᠳᠡᠭᠡᠨ᠂ ᠠᠪᠠᠭ᠎ᠠ ᠬᠤᠰᠢᠭᠤᠨ ᠤ ᠡᠬᠢ ᠪᠠᠶᠠᠯᠢᠭ᠂ ᠣᠷᠣᠨ ᠪᠠᠶᠢᠷᠢ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠠᠢ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ︽1+1 ᠨᠢ 2 ᠠᠴᠠ ᠶᠡᠭᠡ︾ ᠦᠷ᠎ᠡ ᠪᠦᠲᠦᠮᠵᠢ ᠲᠠᠢ ᠪᠣᠯᠵᠤ ᠲᠡᠶᠢᠯᠦᠨ᠎ᠡ ᠭᠡᠪᠡ᠃ ᠠᠪᠠᠭ᠎ᠠ ᠬᠤᠰᠢᠭᠤ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠡᠵᠡᠩᠨᠡᠯᠲᠡ ᠶᠢᠨ ᠲᠣᠭᠤᠷᠢᠨ ᠢ ᠪᠣᠶ ᠪᠣᠯᠭᠠᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠪᠤᠯᠤᠨ᠎ᠠ᠃ ᠠᠵᠤ ᠠᠬᠤᠶᠢᠯᠠᠯ ᠤᠨ ᠡᠯ᠎ᠡ ᠲᠠᠯ᠎ᠠ ᠶᠢᠨ ᠬᠢᠨ ᠠᠭᠤᠷᠬᠠᠢ ᠶᠢᠨ ᠡᠬᠢ ᠪᠠᠶᠠᠯᠢᠭ ᠢ ᠨᠢᠭᠡᠳᠬᠡᠨ ᠬᠥᠭᠵᠢᠭᠦᠯᠬᠦ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠥᠷᠭᠡᠳᠬᠡᠬᠦ ᠵᠡᠷᠭᠡ ᠲᠠᠯ᠎ᠠ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠪᠡ᠃    ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ᠂ ᠡᠬᠢ ᠪᠠᠶᠠᠯᠢᠭ ᠢ ᠨᠢᠭᠡᠳᠭᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠦᠷᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃    ᠠᠪᠠᠭ᠎ᠠ ᠬᠤᠰᠢᠭᠤᠨ ᠤ ᠠᠭᠤᠷᠬᠠᠢ ᠶᠢᠨ ᠡᠬᠢ ᠪᠠᠶᠠᠯᠢᠭ ᠤᠨ ᠲᠠᠯ᠎ᠠ ᠳᠤ ᠳᠠᠪᠠᠭᠤᠯᠢᠭ ᠲᠠᠢ ᠪᠠᠶᠢᠵᠤ᠂ ᠨᠢᠭᠡᠨᠲᠡ ᠢᠯᠡᠷᠡᠭᠦᠯᠦᠭᠰᠡᠨ ᠠᠭᠤᠷᠬᠠᠢ ᠶᠢᠨ ᠡᠬᠢ ᠪᠠᠶᠠᠯᠢᠭ ᠨᠢ 24 ᠵᠦᠢᠯ ᠳᠤ ᠬᠦᠷᠦᠨ᠂ ᠨᠡᠭᠦᠷᠡᠰᠦ᠂ ᠬᠠᠶᠢᠯᠤᠭᠤᠷ ᠵᠣᠩᠰᠢ᠂ ᠮᠤᠯᠢᠪᠳᠧᠨ ᠤ ᠵᠡᠰ᠂ ᠮᠦᠩᠭᠦ᠂ ᠬᠠᠷ᠎ᠠ ᠲᠤᠭᠤᠯᠭ᠎ᠠ᠂ ᠴᠠᠶᠢᠷ ᠵᠡᠷᠭᠡ ᠶᠢᠨ ᠬᠠᠳᠠᠭᠠᠯᠠᠭᠳᠠᠴᠠ ᠨᠢ ᠴᠥᠮ ᠨᠡᠯᠢᠶᠡᠳ ᠰᠠᠶᠢᠨ ᠪᠠᠶᠢᠳᠠᠭ᠃ ᠢᠯᠠᠩᠭᠤᠶ᠎ᠠ ᠬᠠᠶᠢᠯᠤᠭᠤᠷ ᠵᠣᠩᠰᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ ᠪᠠᠶᠢᠵᠤ᠂ ᠣᠳᠣ ᠪᠠᠶᠢᠭ᠎ᠠ ᠬᠠᠶᠢᠯᠤᠭᠤᠷ ᠵᠣᠩᠰᠢ ᠶᠢᠨ ᠠᠭᠤᠷᠬᠠᠶ ᠮᠠᠯᠲᠠᠬᠤ ᠡᠷᠬᠡ ᠲᠠᠢ ᠬᠤᠭᠤᠴᠠᠭᠠᠨ ᠳᠤ ᠪᠠᠶᠢᠭ᠎ᠠ ᠠᠭᠤᠷᠬᠠᠢ 5 ᠪᠠᠶᠢᠵᠤ᠂ ᠠᠭᠤᠷᠬᠠᠶ ᠬᠠᠶᠢᠬᠤ ᠡᠷᠬᠡ ᠲᠠᠢ 1 ᠪᠠᠶᠢᠵᠤ᠂ ᠬᠠᠳᠠᠭᠠᠯᠠᠭᠳᠠᠴᠠ ᠨᠢ 4000 ᠭᠠᠷᠤᠶ ᠲᠦᠮᠡᠨ ᠲᠣᠨ ᠳᠠᠪᠠᠭᠰᠠᠨ ᠢᠶᠠᠷ ᠨᠢᠭᠡᠨᠲᠡ ᠳᠠᠩᠰᠠᠯᠠᠭᠤᠯᠤᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ ᠨᠠᠰᠢ ᠠᠪᠠᠭ᠎ᠠ ᠬᠤᠰᠢᠭᠤ ᠬᠠᠶᠢᠯᠤᠭᠤᠷ ᠵᠣᠩᠰᠢ ᠶᠢᠨ ᠠᠵᠤ ᠦᠢᠯᠡᠰ ᠢᠶᠠᠷ ᠰᠠᠭᠤᠷᠢᠯᠠᠬᠤ᠂ ᠣᠷᠣᠨ ᠪᠠᠶᠢᠷᠢ᠂ ᠡᠬᠢ ᠪᠠᠶᠠᠯᠢᠭ ᠪᠣᠯᠤᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠠᠭᠠᠨ ᠲᠦᠰᠢᠭᠯᠡᠨ᠂ ᠴᠢᠨᠠᠷ ᠰᠠᠶᠢᠲᠠᠶ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠠᠵᠢᠯ ᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠪᠣᠯᠣᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号