ᠵᠢᠷᠭᠤᠳᠤᠭᠠᠷ ᠬᠤᠭᠤᠴᠠᠭᠠᠨ ᠤ ︽ᠨᠣᠮᠢᠨ ᠳᠡᠯᠡᠬᠡᠢ ᠶᠢᠨ ᠡᠵᠡᠳ︾  ᠪᠠᠭᠠᠴᠤᠳ ᠬᠡᠤᠬᠡᠳ ᠤᠨ ᠤᠷᠠᠯᠢᠭ ᠤᠨ ᠨᠠᠶᠢᠷ ᠵᠢᠴᠢ ᠪᠦᠬᠦ ᠤᠷᠤᠨ ᠤ ᠠᠪᠢᠶᠠᠰᠯᠢᠭ ᠬᠡᠦᠬᠡᠳ ᠤᠨ ᠬᠠᠮᠲᠤᠷᠠᠭᠰᠠᠨ ᠦᠳᠡᠰᠢᠯᠡᠭᠡ ᠠᠪᠠᠭ᠎ᠠ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2024/8/21
   8 ᠰᠠᠷ᠎ᠠ ᠶᠢᠨ 11 ᠤ ᠡᠳᠦᠷ᠂ ᠵᠢᠷᠭᠤᠳᠤᠭᠠᠷ ᠬᠤᠭᠤᠴᠠᠭᠠᠨ ᠤ ︽ᠨᠣᠮᠢᠨ ᠳᠡᠯᠡᠬᠡᠢ ᠶᠢᠨ ᠡᠵᠡᠳ︾ ᠪᠠᠭᠠᠴᠤᠳ ᠬᠡᠤᠬᠡᠳ ᠤᠨ ᠤᠷᠠᠯᠢᠭ ᠤᠨ ᠨᠠᠶᠢᠷ ᠵᠢᠴᠢ ᠪᠥᠬᠦ ᠣᠷᠣᠨ ᠤ ᠠᠪᠢᠶᠠᠰᠯᠢᠭ ᠬᠡᠦᠬᠡᠳ ᠤᠨ ᠬᠠᠮᠲᠤᠷᠠᠭᠰᠠᠨ ᠦᠳᠡᠰᠢᠯᠡᠭᠡ ᠠᠪᠠᠭ᠎ᠠ ᠬᠤᠰᠢᠭᠤᠨ ᠤ ᠤᠯᠠᠭᠠᠡᠮᠦ᠋ᠴᠢᠷ ᠤᠨ ᠲᠤᠭᠯᠠᠯᠳᠠ ᠶᠢᠨ  ᠲᠢᠩᠬᠢᠮ   ᠳᠤ ᠶᠠᠪᠤᠭᠳᠠᠪᠠ᠃ ᠲᠣᠰ ᠤᠳᠠᠭᠠᠨ ᠤ ᠦᠳᠡᠰᠢᠯᠡᠭᠡ ᠶᠢ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠠᠪᠠᠭ᠎ᠠ ᠬᠤᠰᠢᠭᠤᠨ ᠤ ᠠᠵᠠᠲᠠᠢ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠪᠡ᠃    ᠠᠪᠠᠭ᠎ᠠ ᠬᠤᠰᠢᠭᠤ ᠵᠢᠴᠢ ᠪᠦᠬᠦ ᠣᠷᠣᠨ ᠤ ᠡᠯ᠎ᠡ ᠭᠠᠵᠠᠷ ᠠᠴᠠ ᠢᠷᠡᠭᠰᠡᠨ ᠪᠠᠭᠠᠴᠤᠳ ᠬᠡᠤᠬᠡᠳ  ᠦᠩᠭᠡ ᠪᠠᠷ ᠰᠤᠯᠤᠩᠭᠠᠷᠠᠨ ᠭᠤᠶᠤᠯᠠᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ  ᠭᠠᠶᠢᠬᠠᠮ᠎ᠠ ᠰᠠᠶᠢᠬᠠᠨ ᠤᠷ᠎ᠠ ᠮᠡᠷᠭᠡᠵᠢᠯ ᠢᠶᠠᠷ  ᠢᠶᠠᠨ ᠦᠵᠡᠭᠴᠢᠳ ᠲᠤ  ᠰᠣᠳᠤᠨ ᠰᠠᠶᠢᠬᠠᠨ ᠲᠣᠭᠯᠠᠯᠲᠠ   ᠪᠠᠨ ᠰᠤᠨᠢᠷᠬᠠᠭᠤᠯᠵᠠᠢ᠃  ᠬᠡᠦᠬᠡᠳ ᠤᠳ ᠳᠠᠭᠤᠤ᠂ ᠰᠢᠯᠦᠭ᠂ ᠬᠤᠯᠪᠣᠭ᠎ᠠ᠂ ᠬᠥᠭᠵᠢᠮ  ᠵᠡᠷᠭᠡ ᠣᠯᠠᠨ ᠬᠡᠯᠪᠡᠷᠢ ᠪᠠᠷ ᠲᠤᠭᠯᠠᠯᠳᠠ ᠶᠢᠨ ᠠᠭᠤᠷ ᠠᠮᠢᠰᠬᠤᠯ ᠢ  ᠬᠦᠭᠵᠢᠭᠡᠵᠦ᠂ ᠰᠢᠨ᠎ᠡ ᠴᠠᠭ ᠦᠶ᠎ᠡ ᠶᠢᠨ ᠪᠠᠭᠠᠴᠤᠳ ᠬᠡᠤᠬᠡᠳ ᠤᠨ ᠤᠷ᠎ᠠ ᠠᠪᠢᠶᠠᠰ ᠪᠠ ᠦᠭᠡᠳᠡᠷᠭᠡᠭ ᠢᠳᠡᠪᠬᠢ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃    ᠬᠦᠭᠡᠷᠦᠬᠦᠨ ᠴᠤᠪᠤᠭᠤ ᠬᠡᠤᠭᠡᠳ ᠪᠠᠭᠠᠴᠤᠳ ᠤᠨ ᠤᠴᠢᠷᠳᠠᠢ ᠰᠠᠶᠢᠬᠠᠨ ᠲᠤᠭᠯᠠᠯᠳᠠ ᠳᠤ ᠡᠬᠡ ᠤᠯᠤᠰ ᠤᠨ ᠬᠥᠭᠵᠢᠯ ᠪᠠᠳᠠᠷᠠᠯ ᠤᠨ ᠵᠥᠩᠨᠡᠯ ᠪᠠ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠲᠤᠳᠤᠷᠠᠩᠬᠠᠨ ᠪᠠᠶᠢᠯ᠎ᠠ︔ ᠲᠠᠯ᠎ᠠ ᠨᠤᠲᠤᠭ ᠤᠨ ᠠᠭᠤᠳᠠᠮ ᠲᠠᠨᠢᠭᠡᠷ᠂ ᠡᠬᠡ ᠪᠠᠶᠢᠭᠠᠯᠢ ᠶᠢᠨ ᠭᠤᠸ᠎ᠠ ᠰᠠᠶᠢᠬᠠᠨ ᠢ ᠮᠡᠳᠡᠷᠡᠬᠦᠯᠦᠩᠬᠡᠨ ᠪᠠᠶᠢᠯ᠎ᠠ᠃ ᠡᠭᠦᠨ ᠠᠴᠠ ᠭᠠᠳᠠᠨ᠎ᠠ᠂ ᠪᠠᠰᠠ ᠬᠡᠤᠬᠡᠳ ᠤᠨ ᠬᠤᠪᠴᠠᠰᠤ ᠵᠠᠰᠠᠯ ᠤᠨ ᠦᠵᠡᠭᠦᠯᠦᠯᠭᠡ᠂ ᠬᠤᠯᠪᠣᠭ᠎ᠠ ︽DEMBEE︾ ᠵᠡᠷᠭᠡ ᠮᠠᠰᠢ ᠣᠯᠠᠨ ᠪᠦᠲᠦᠭᠡᠯᠴᠢ ᠰᠡᠳᠬᠢᠮᠵᠢ ᠪᠠ ᠥᠪᠡᠷᠮᠢᠴᠡ ᠣᠨᠴᠠᠯᠢᠭ ᠲᠠᠢ ᠲᠤᠭᠯᠠᠯᠠᠲᠠ  ᠨᠤᠭᠤᠳ ᠦᠵᠡᠭᠴᠢ ᠤᠯᠠᠨ ᠤ ᠬᠠᠷᠠᠭ᠎ᠠ ᠶᠢ ᠪᠠᠶᠠᠰᠬᠠᠯ᠎ᠠ᠃      ᠲᠣᠰ ᠤᠳᠠᠭᠠᠨ ᠤ ᠦᠳᠡᠰᠢᠯᠡᠭᠡ ᠨᠢ ᠨᠢᠭᠡᠨ ᠤᠳᠠᠭᠠᠨ ᠤ ᠤᠷᠠᠯᠢᠭ ᠤᠨ ᠨᠠᠶᠢᠷ ᠪᠣᠯᠬᠤ ᠪᠠᠷ ᠪᠠᠷᠠᠬᠤ ᠥᠬᠡᠶ᠂ ᠨᠠᠩ ᠴᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ  ᠴᠢᠬᠤᠯᠠ ᠠᠵᠢᠯᠯᠠᠭ᠎ᠠ ᠪᠣᠯᠤᠨ᠎ᠠ᠃ ᠬᠡᠦᠬᠡᠳ ᠪᠠᠭᠠᠴᠤᠳ ᠤᠨ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠠᠭᠤᠰᠤᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠠᠴᠤᠳ ᠬᠡᠤᠬᠡᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ  ᠪᠠᠳᠠᠷᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠮᠡᠲᠦ ᠳᠣᠲᠣᠨᠣ ᠪᠠᠶᠢᠵᠦ᠂ ᠰᠡᠳᠬᠢᠯ ᠨᠢᠭᠡᠳᠦᠨ ᠳᠤᠮᠳᠠᠳᠤ ᠶᠢᠨ  ᠬᠦᠰᠡᠯ ᠵᠡᠬᠦᠳᠦ ᠪᠠᠨ ᠬᠠᠮᠲᠤ ᠪᠠᠷ ᠲᠡᠷᠭᠡᠯᠰᠢᠬᠦᠯᠬᠦ︾ ᠣᠶᠢᠯᠠᠭᠠᠭᠳᠠᠬᠤᠨ ᠢ ᠬᠥᠮᠦᠰ ᠤᠨ  ᠰᠡᠳᠬᠢᠯ ᠳᠤ ᠬᠠᠳᠠᠩᠰᠢᠭᠤᠯᠬᠤ ᠶᠢ ᠵᠤᠷᠢᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号