ᠮᠠᠯᠴᠢᠳ ᠪᠤᠯᠤᠨ ᠠᠵᠦ ᠠᠬᠤᠶᠢᠯᠠᠯ ᠬᠠᠮᠳᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠳᠡ ᠰᠢᠪᠲᠤᠯᠵᠥ ᠮᠠᠯᠵᠢᠬᠤ ᠦᠢᠯᠡᠳᠪᠦᠷᠢᠯᠡᠯ ᠤᠨ ᠣᠶᠤᠨᠴᠢᠯᠠᠭᠰᠠᠨ ᠲᠣᠭᠠᠴᠢᠯᠠᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/27
   ︽ᠡᠨᠡ ᠬᠦ ᠣᠶᠤᠨᠴᠢᠯᠠᠭᠰᠠᠨ ᠲᠥᠬᠦᠭᠡᠷᠦᠮᠵᠢ ᠪᠢᠳᠡᠨ ᠳᠤ ᠮᠠᠰᠢ ᠬᠡᠷᠡᠭᠴᠡᠭᠡᠲᠡᠢ᠂ ᠴᠠᠭ ᠭᠦᠴᠦ ᠶᠢ ᠶᠡᠭᠡᠪᠡᠷ ᠠᠷᠪᠢᠯᠠᠵᠦ ᠦᠭᠬᠦᠯ᠎ᠡ ᠰᠢᠦ︾ ᠭᠡᠵᠦ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠰᠠᠷᠠᠭᠤᠯᠲᠤᠶᠠᠭ᠎ᠠ ᠭᠠᠴᠠᠭᠠᠨ ᠤ ᠮᠠᠯᠴᠢᠳ ᠪᠠᠶᠠᠷᠯᠠᠨ ᠶᠠᠷᠢᠵᠠᠭᠠᠨ᠎ᠠ᠃ ᠨᠢᠳᠤᠨᠤᠨ ᠤ 4 ᠰᠠᠷ᠎ᠠ ᠳᠤ᠂ ᠰᠢᠯᠢ ᠶᠢᠨ ᠭᠤᠤᠯ ᠤᠨ ᠡᠳᠦᠷ ᠤᠨ ᠰᠣᠨᠢᠨ ᠤ ᠬᠤᠷᠢᠶ᠎ᠠ᠂ ᠦᠪᠦᠷ ᠮᠣᠩᠭᠤᠯ ᠤᠨ ᠣᠶᠤᠨᠴᠢᠯᠠᠯᠲᠠ ᠪᠠᠷ ᠮᠠᠯ ᠠᠵᠤ ᠠᠬᠤᠢ ᠶᠢ ᠬᠥᠭᠵᠢᠭᠦᠯᠬᠦ ᠪᠤᠳᠠᠰ ᠤᠨ ᠬᠤᠯᠪᠣᠭᠠᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠧᠩ ᠨᠦᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠳᠤᠪᠠᠷ ᠰᠢᠯᠢ ᠶᠢᠨ ᠭᠤᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠪᠰᠤᠷᠤᠨ ᠳᠡᠳᠬᠦᠵᠦ ᠪᠠᠶᠢᠭ᠎ᠠ ᠰᠠᠷᠠᠭᠤᠯᠲᠤᠶᠠᠭ᠎ᠠ ᠭᠠᠴᠠᠭ᠎ᠠ ᠳᠤ ᠮᠠᠯ ᠤᠰᠤᠯᠠᠬᠤ ᠤᠯᠠᠭᠠᠨ ᠤ ᠭᠠᠳᠠᠨᠠᠬᠢ ᠣᠶᠤᠨᠲᠣ ᠲᠥᠬᠦᠭᠡᠷᠦᠮᠵᠢ 2 ᠢ ᠬᠦᠷᠭᠡᠪᠡ᠃  ᠡᠨᠡᠬᠦ ᠲᠥᠬᠦᠭᠡᠷᠦᠮᠵᠢ ᠨᠢ ᠬᠡᠲᠦ ᠤᠯᠠᠭᠠᠨ  ᠤ  ᠰᠡᠷᠡᠯ ᠤᠨ ᠴᠢᠳᠠᠮᠵᠢ ᠲᠠᠢ ᠪᠠᠶᠢᠵᠤ᠂ ᠮᠠᠰ ᠰᠦᠷᠦᠭ ᠣᠶᠢᠷᠠᠳᠴᠤ ᠢᠷᠡᠭᠦ ᠪᠠᠷ ᠨᠢ ᠥᠪᠡᠰᠦᠪᠡᠨ ᠤᠰᠤ ᠭᠠᠷᠭᠠᠵᠦ᠂ ᠮᠠᠯ ᠤᠨᠤᠭ᠎ᠠ ᠤᠤᠭᠤᠵᠤ ᠪᠠᠷᠠᠭᠰᠠᠨ ᠤ ᠳᠠᠷᠠᠭ᠎ᠠ ᠲᠠᠭᠢᠨ ᠤᠰᠤ ᠪᠠᠨ ᠬᠤᠷᠢᠶᠠᠳᠠᠭ᠂  ᠡᠪᠦᠯ ᠤᠨ ᠤᠯᠠᠷᠢᠯ ᠳᠤ ᠪᠠᠰᠠ ᠤᠰᠤ ᠶᠢ ᠪᠦᠯᠢᠶᠡᠰᠭᠡᠬᠦ ᠴᠢᠳᠠᠮᠵᠢ ᠲᠠᠢ ᠪᠠᠢᠵᠦ᠂ ᠤᠰᠤᠨ ᠤ ᠬᠠᠩᠭᠠᠯᠭ᠎ᠠ ᠶᠢᠨ ᠠᠰᠢᠭᠯᠠᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠬᠥᠮᠥᠨ  ᠤ ᠬᠦᠴᠦ ᠶᠢ ᠠᠷᠪᠢᠯᠠᠨ᠂  ᠮᠠᠯᠵᠢᠯ ᠤᠨ ᠲᠠᠯᠠᠪᠠᠶ  ᠶᠢᠨ ᠬᠠᠮᠢᠶᠠᠷᠤᠯᠲᠠ  ᠶᠢ ᠨᠠᠩ ᠣᠶᠤᠨᠴᠢᠯᠠᠵᠦ ᠨᠠᠷᠢᠯᠢᠭᠵᠢᠭᠤᠯᠤᠭᠰᠠᠨ ᠪᠠᠶᠢᠨ᠎ᠠ᠃    ᠲᠤᠰ ᠲᠥᠬᠦᠭᠡᠷᠦᠮᠵᠢ ᠶᠢ ᠥᠪᠥᠷ ᠮᠣᠩᠭᠤᠯ ᠤᠨ ᠣᠶᠤᠨᠴᠢᠯᠠᠯᠳᠠ ᠪᠠᠷ ᠮᠠᠯ ᠠᠵᠤ ᠠᠬᠤᠢ ᠶᠢ ᠬᠥᠭᠵᠢᠭᠦᠯᠬᠦ ᠪᠣᠳᠠᠰ ᠤᠨ ᠬᠤᠯᠪᠣᠭᠠᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠰᠤᠳᠤᠯᠤᠨ ᠨᠡᠭᠡᠭᠡᠭᠰᠡᠨ ᠪᠥᠭᠡᠳ ᠬᠠᠮᠢᠶ᠎ᠠ ᠪᠦᠬᠦᠢ ᠮᠡᠷᠭᠡᠵᠢᠯ ᠤᠨ ᠲᠤᠰᠬᠠᠢ ᠠᠰᠢᠭ ᠢ ᠬᠦᠷᠲᠡᠵᠡᠢ᠃ ᠲᠤᠰ ᠺᠣᠮᠫᠠᠨᠢ ᠪᠣᠯ ᠲᠣᠭᠠᠴᠢᠯᠠᠭᠰᠠᠨ ᠮᠠᠯ ᠠᠵᠤ ᠠᠬᠤᠢ  ᠶᠢᠨ ᠰᠢᠨ᠎ᠡ ᠶᠢ ᠡᠭᠦᠳᠬᠦ ᠬᠡᠯᠪᠡᠷᠢ ᠶᠢᠨ ᠺᠣᠮᠫᠠᠨᠢ ᠪᠠᠶᠢᠵᠤ᠂ ᠮᠠᠯ ᠠᠵᠤ ᠠᠬᠤᠢ  ᠶᠢᠨ ᠠᠵᠤ ᠦᠢᠯᠡᠰ ᠤᠨ ᠲᠤᠭᠠᠴᠢᠯᠠᠭᠰᠠᠨ ᠠᠵᠤ  ᠦᠢᠯᠡᠰ ᠲᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠪᠦᠲᠦᠭᠡᠭᠳᠡᠬᠦᠨ ᠪᠠ ᠢᠵᠢ ᠪᠦᠷᠢᠳᠦᠭᠰᠡᠨ ᠦᠢᠯᠡᠴᠢᠯᠡᠭᠡ ᠬᠠᠩᠭᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠭᠰᠡᠭᠡᠷ ᠪᠢᠯᠡ᠃ ᠣᠶᠢᠷ᠎ᠠ ᠶᠢᠨ ᠵᠢᠯ ᠠᠴᠠ᠂  ᠲᠤᠰ ᠺᠣᠮᠫᠠᠨᠢ  ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠣᠶᠤᠨᠴᠢᠯᠠᠭᠰᠠᠨ ᠲᠤᠭᠠᠴᠢᠯᠠᠭᠰᠠᠨ ᠠᠷᠭ᠎ᠠ ᠪᠠᠷᠢᠯ ᠢ ᠠᠰᠢᠭᠯᠠᠨ‌ᠤᠯᠠᠮᠵᠢᠯᠠᠯᠲᠤ ᠮᠠᠯ ᠠᠵᠤ ᠠᠬᠤᠢ  ᠶᠢ ᠢᠳᠡᠭ ᠢᠳᠡᠭ ᠢᠶᠠᠷ ᠬᠤᠪᠢᠷᠠᠭᠤᠯᠵᠦ  ᠪᠠᠶᠢᠨ᠎ᠠ᠃ ᠤᠯᠠᠭᠠᠢ ᠬᠠᠮᠢᠶᠠᠷᠤᠯᠲᠠ ᠶᠢᠨ ᠣᠷᠣᠨ ᠤ ᠬᠠᠯᠠᠭᠠᠶᠢᠲᠤ ᠲᠠᠷᠢᠶᠠᠯᠠᠩ ᠮᠠᠯᠵᠢᠯ ᠶᠢᠨ ᠲᠠᠯᠠᠪᠠᠶ  ᠳᠤ᠂ ᠲᠤᠰ ᠺᠣᠮᠫᠠᠨᠢ ᠶᠢᠨ  ᠪᠠᠶᠢᠭᠤᠯᠤᠭᠰᠠᠨ ᠲᠤᠭᠠᠴᠢᠯᠠᠭᠰᠠᠨ  ᠮᠠᠯᠵᠢᠯ ᠤᠨ ᠲᠠᠯᠠᠪᠠᠢ ᠶᠢᠨ ᠲᠥᠷᠦᠯ ᠵᠦᠢᠯ ᠨᠢ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠲᠣᠭᠠᠴᠢᠯᠠᠬᠤ ᠪᠠ ᠣᠶᠤᠨᠴᠢᠯᠠᠬᠤ  ᠶᠢ ᠪᠡᠶᠡᠯᠡᠭᠦᠯᠪᠡ᠃ ᠮᠡᠳᠡᠭᠡ ᠵᠠᠩᠭᠢ ᠶᠢ ᠬᠤᠷᠢᠶᠠᠩᠭᠤᠶᠢᠯᠠᠨ ᠬᠠᠮᠢᠶᠠᠷᠤᠯᠲᠠ  ᠶᠢᠨ ᠲᠠᠪᠴᠠᠩ ᠳᠤ ᠳᠠᠮᠵᠢᠭᠤᠯᠵᠤ᠂ ᠲᠠᠪᠴᠠᠩ ᠤᠨ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠭᠤᠯᠤᠨ ᠲᠤᠭᠠᠴᠢᠯᠠᠭᠰᠠᠨ ᠮᠠᠯᠵᠢᠯ ᠤᠨ ᠲᠠᠯᠠᠪᠠᠶ ᠶᠢᠨ ᠵᠢᠯᠤᠭᠤᠳᠬᠤ ᠲᠥᠪ ᠵᠢᠴᠢ ᠬᠠᠮᠢᠶᠠᠷᠤᠬᠴᠢ ᠶᠢᠨ ᠭᠠᠷ ᠤᠲᠠᠰᠤᠨ ᠤ APP ᠦᠵᠦᠭᠦᠷ ᠲᠤ ᠢᠯᠡᠷᠡᠭᠦᠯᠵᠦ᠂ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ  ᠲᠤᠭ᠎ᠠ ᠪᠠᠷᠢᠮᠲᠠ ᠶᠢ ᠲᠣᠪ ᠲᠣᠳᠣᠷᠬᠠᠢ ᠪᠣᠯᠭᠠᠪᠠ᠃ ᠡᠭᠦᠨ ᠠᠴᠠ ᠭᠠᠳᠠᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠣ ᠶᠢᠨ ᠭᠤᠣᠯ ᠪᠠᠯᠭᠠᠰᠤᠨ ᠤ ᠲᠤᠭᠠᠴᠢᠯᠠᠭᠰᠠᠨ ᠮᠠᠯᠵᠢᠯ ᠤᠨ ᠲᠠᠯᠠᠪᠠᠢ ᠶᠢᠨ ᠲᠥᠷᠦᠯ ᠵᠦᠢᠯ ᠲᠤ᠂ ᠲᠤᠰ ᠺᠤᠮᠫᠠᠨᠢ ᠪᠠᠰᠠ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠦᠬᠦ ᠶᠠᠪᠤᠴᠠ ᠶᠢᠨ ᠲᠤᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠡᠢ᠃ ᠵᠦᠢᠯ ᠵᠦᠢᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠣᠷᠣᠭᠤᠯᠤᠨ  ᠠᠪᠴᠢᠷᠠᠭᠰᠠᠨ ᠨᠢ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠪᠦᠳᠦᠭᠡᠭᠳᠡᠭᠦᠨ ᠤ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ  ᠪᠠᠰᠠ ᠲᠡᠵᠢᠭᠡᠨ ᠦᠷᠡᠵᠢᠭᠦᠯᠬᠦ ᠥᠪᠡᠷ  ᠤᠨ ᠥᠷᠲᠡᠭ ᠪᠠ  ᠲᠦᠭᠰᠢᠭᠦᠷᠢ ᠶᠢ ᠪᠠᠭᠤᠷᠠᠭᠤᠯᠵᠤ᠂ ᠲᠡᠵᠢᠭᠡᠨ ᠦᠷᠡᠵᠢᠭᠦᠯᠬᠦ  ᠦᠢᠯᠡᠰ ᠤᠨ ᠣᠳᠤᠬᠢᠴᠢᠯᠠᠭᠰᠠᠨ ᠬᠥᠭᠵᠢᠯᠲᠡ ᠳᠤ ᠬᠦᠴᠦᠳᠠᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠲᠣᠭᠠᠴᠢᠯᠠᠬᠤ ᠠᠴᠠ ᠠᠪᠤᠭᠠᠳ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠥᠬᠦ ᠶᠠᠪᠤᠴᠠ ᠶᠢ ᠣᠨᠣᠪᠴᠢᠲᠠᠶ ᠡᠵᠡᠮᠳᠡᠬᠦ ᠬᠦᠷᠲᠡᠯ᠎ᠡ᠂ ᠮᠠᠯ ᠤᠨ ᠤᠤᠭᠤᠬᠤ ᠤᠰᠤ᠂ ᠲᠡᠵᠢᠭᠡᠯ ᠡᠪᠡᠰᠦ ᠲᠠᠷᠢᠬᠤ ᠶᠢ ᠠᠦ᠋ᠲ᠋ᠣᠴᠢᠯᠠᠬᠤ ᠠᠴᠠ ᠠᠪᠤᠭᠠᠳ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠶᠠᠰᠤ ᠴᠢᠨᠠᠷ ᠢ ᠮᠥᠷᠳᠡᠵᠦ ᠪᠣᠯᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨ ᠤᠬᠠᠭᠠᠨ ᠪᠠ ᠬᠦᠴᠦᠨ ᠴᠢᠳᠠᠯ ᠢ ᠠᠭᠤᠰᠬᠠᠵᠡᠢ᠃ ᠥᠪᠥᠷ ᠮᠣᠩᠭᠤᠯ ᠤᠨ ᠣᠶᠤᠨᠴᠢᠯᠠᠯᠳᠠ ᠪᠠᠷ ᠮᠠᠯ ᠠᠵᠤ ᠠᠬᠤᠢ ᠶᠢ ᠬᠥᠭᠵᠢᠭᠦᠯᠬᠦ ᠪᠣᠳᠠᠰ ᠤᠨ ᠬᠤᠯᠪᠤᠭᠠᠨ ᠤ ᠮᠡᠷᠭᠡᠵᠢᠯ ᠤᠨ  ᠬᠢᠵᠠᠭᠠᠷᠲᠤ ᠺᠣᠮᠫᠠᠨᠢ ᠶᠢᠨ ︽ᠮᠠᠯ ᠠᠵᠤ ᠠᠬᠤᠢ ᠶᠢᠨ ᠤᠶᠤᠨᠳᠦ ᠵᠢᠷᠤᠭ ᠲᠥᠰᠦᠪ — ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠯ ᠠᠵᠤ ᠠᠬᠤᠢ ᠶᠢ ᠨᠡᠩ  ᠰᠠᠶᠢᠨ ᠰᠠᠶᠢᠬᠠᠨ ᠪᠤᠯᠭᠠᠬᠤ︾ ᠲᠥᠷᠦᠯ ᠵᠦᠢᠯ ᠨᠢ 4 ᠵᠢᠯ ᠤᠨ ᠬᠥᠭᠵᠢᠯᠲᠡ ᠪᠠᠷ ᠲᠠᠮᠵᠢᠨ᠂ ᠲᠣᠭᠲᠠᠮᠠᠯ ᠳᠤᠯᠠᠭᠠᠨᠲᠤ ᠤᠰᠤ ᠤᠮᠳᠠ ᠶᠢᠨ ᠨᠢᠭᠡ  ᠴᠣᠭᠴᠠᠵᠢᠭᠤᠯᠤᠭᠰᠠᠨ ᠲᠥᠬᠦᠭᠡᠷᠦᠮᠵᠢ᠂ ᠪᠦᠷᠢᠨ ᠠᠦ᠋ᠲ᠋ᠤᠳᠦ ᠡᠪᠡᠰᠦ ᠰᠠᠴᠤᠬᠤ ᠮᠠᠰᠢᠨ ᠬᠥᠮᠥᠨ ᠵᠢᠴᠢ ᠲᠡᠵᠢᠭᠡᠯ ᠡᠪᠡᠰᠦ ᠲᠠᠷᠢᠬᠤ ᠶᠢ ᠠᠦ᠋ᠲ᠋ᠤᠴᠢᠯᠠᠬᠤ ᠵᠡᠷᠭᠡ 9 ᠵᠦᠢᠯ ᠤᠨ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ᠂ 3 ᠲᠣᠮᠣ ᠬᠡᠯᠪᠡᠷᠢ ᠶᠢᠨ ᠮᠠᠯᠵᠢᠯ ᠤᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ  ᠲᠥᠷᠦᠯ ᠵᠦᠢᠯ ᠢ ᠪᠠᠶᠢᠭᠤᠯᠵᠤ᠂ ᠨᠢᠭᠡᠨᠲᠡ 200 ᠭᠠᠷᠤᠢ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠲᠤᠭᠠᠴᠢᠯᠠᠭᠰᠠᠨ ᠮᠠᠯ ᠠᠵᠤ ᠠᠬᠤᠢ  ᠶᠢᠨ ᠪᠦᠲᠦᠭᠡᠭᠳᠡᠬᠦᠨ ᠤ ᠦᠢᠯᠡᠴᠢᠯᠡᠭᠡ ᠬᠠᠩᠭᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号