︽ᠲᠡᠭᠡᠭ ᠤᠨ ᠨᠠᠮᠤᠷ︾  ᠰᠣᠶᠣᠯ ᠤᠨ ᠴᠢᠭᠤᠯᠭᠠᠨ ᠤ ︽ᠨᠠ᠊ · ᠰᠠᠶᠢᠨᠴᠣᠭᠲᠤ︾ ᠶᠢᠨ ᠮᠡᠨᠳᠦᠯᠡᠭᠰᠡᠨ ᠵᠠᠭᠤ ᠠᠷᠪᠠᠨ ᠵᠢᠯ ᠤᠨ ᠣᠢ ᠪᠣᠯᠤᠨ ︽ᠲᠡᠭᠡᠭ ᠤᠨ ᠨᠠᠮᠤᠷ︾ ᠴᠢᠭᠤᠯᠭᠠᠨ ᠪᠠᠶᠢᠭᠤᠯᠤᠭᠳᠠᠭᠰᠠᠨ ᠠᠷᠪᠠᠨ ᠲᠠᠪᠤᠨ ᠵᠢᠯ ᠤᠨ ᠣᠢ ᠶᠢ ᠳᠤᠷᠠᠰᠬᠠᠨ ᠲᠡᠮᠳᠡᠭᠯᠡᠬᠦ ᠠᠵᠢᠯᠯᠠᠭ᠎ᠠ ᠠᠮᠵᠢᠯᠲᠠ ᠲᠠᠢ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/8/27
   ︽ᠲᠡᠭᠡᠭ ᠤᠨ ᠨᠠᠮᠤᠷ︾ ᠰᠣᠶᠣᠯ ᠤᠨ ᠴᠢᠭᠤᠯᠭᠠᠨ ᠤ ︽ᠨᠠ᠊  · ᠰᠠᠶᠢᠨᠴᠣᠭᠲᠤ︾ ᠶᠢᠨ ᠮᠡᠨᠳᠦᠯᠡᠭᠰᠡᠨ ᠵᠠᠭᠤ ᠠᠷᠪᠠᠨ ᠵᠢᠯ ᠤᠨ ᠣᠢ ᠪᠣᠯᠤᠨ ︽ᠲᠡᠭᠡᠭ ᠤᠨ ᠨᠠᠮᠤᠷ︾ ᠴᠢᠭᠤᠯᠭᠠᠨ ᠪᠠᠶᠢᠭᠤᠯᠤᠭᠳᠠᠭᠰᠠᠨ ᠠᠷᠪᠠᠨ ᠲᠠᠪᠤᠨ ᠵᠢᠯ ᠤᠨ ᠣᠢ ᠶᠢ ᠳᠤᠷᠠᠰᠬᠠᠨ ᠲᠡᠮᠳᠡᠭᠯᠡᠬᠦ ᠠᠵᠢᠯᠯᠠᠭ᠎ᠠ 8 ᠰᠠᠷ᠎ᠠ ᠶᠢᠨ 19 ᠤ ᠡᠳᠦᠷ ᠪᠠᠶᠠᠨᠲᠤᠭ ᠰᠤᠮᠤᠨ ᠤ  ᠵᠠᠰᠠᠭ ᠤᠨ ᠣᠷᠳᠤᠨ ᠤ ᠬᠤᠷᠠᠯ ᠤᠨ ᠭᠡᠷ ᠲᠤ ᠠᠮᠵᠢᠯᠳᠠ ᠲᠡᠬᠦᠯᠳᠡᠷ ᠶᠠᠪᠤᠭᠳᠠᠯ᠎ᠠ᠃ᠲᠤᠰ ᠤᠳᠠᠭᠠᠨ ᠤ ᠠᠵᠢᠯᠯᠠᠭ᠎ᠠ ᠪᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢᠨᠠᠷ ᠤᠨ ︽ᠡᠭᠡᠴᠢ ᠳᠡᠭᠦᠦ︾ ᠬᠤᠯᠪᠤᠭ᠎ᠠ᠂ ︽ᠵᠥᠪ ᠤᠬᠠᠭᠠᠨ︾ ᠬᠤᠯᠪᠤᠭ᠎ᠠ᠂ ᠰᠢᠯᠢ ᠶᠢᠨ ᠬᠤᠲᠠ ᠶᠢᠨ ᠠᠬᠠᠮᠠᠳ ᠮᠠᠯᠴᠢᠳ ᠤᠨ ︽ᠬᠤᠷᠠᠯᠳᠠᠢ︾ ᠬᠤᠯᠪᠤᠭ᠎ᠠ᠂ ᠠᠪᠠᠭ᠎ᠠ ᠮᠠᠯᠴᠢᠳ ᠤᠨ ︽ᠮᠣᠩᠭᠤᠯ ᠨᠣᠮ ᠤᠨ ᠳᠡᠭᠡᠵᠢ︾ ᠬᠤᠯᠪᠤᠭ᠎ᠠ᠂ ᠰᠦᠨᠢᠳ ᠵᠡᠭᠦᠨ ᠬᠤᠰᠢᠭᠤᠨ ᠤ ᠮᠠᠯᠴᠢᠳ ᠤᠨ ︽ᠤᠶᠠᠩᠭ᠎ᠠ ᠶᠢᠨ ᠬᠤᠷ᠎ᠠ︾ ᠬᠤᠯᠪᠤᠭ᠎ᠠ᠂ ᠪᠠᠷᠠᠭᠤᠨ ᠦᠵᠦᠮᠦᠴᠢᠨ ᠬᠤᠰᠢᠭᠤᠨ ᠤ ︽ᠮᠠᠯᠴᠢᠳ ᠤᠨ ᠬᠠᠨᠢ︾ ᠬᠤᠯᠪᠤᠭ᠎ᠠ ᠵᠡᠷᠭᠡ ᠸᠢᠴᠠᠲ ᠬᠤᠯᠪᠤᠭ᠎ᠠ ᠪᠠᠷ ᠨᠢᠭᠡᠴᠡᠯᠡᠨ ᠣᠷᠤᠯᠴᠠᠭᠰᠠᠨ ᠶᠤᠮ᠃    ᠠᠵᠢᠯᠯᠠᠭ᠎ᠠ ᠨᠢ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠭᠤᠤ ᠶᠢᠨ ᠤᠷᠤᠯᠳᠤᠭᠠᠨ᠂ ᠠᠩᠬ᠎ᠠ ᠳᠤᠮᠳᠠᠳᠤ ᠰᠤᠷᠭᠠᠭᠤᠯᠢ ᠠᠴᠠ ᠶᠡᠭᠡ ᠰᠤᠷᠭᠠᠭᠤᠯᠢ ᠶᠢᠨ ᠰᠤᠷᠤᠭᠴᠢᠳ ᠤᠨ ᠨᠣᠮ ᠤᠩᠰᠢᠯᠭ᠎ᠠ ᠶᠢᠨ ᠤᠷᠤᠯᠳᠤᠭᠠᠨ ᠵᠢᠴᠢ ᠳᠦᠷᠪᠡᠳᠦᠭᠡᠷ ᠤᠳᠠᠭᠠᠨ ᠤ ︽ᠴᠡᠴᠡᠨ  ᠬᠤᠨᠳᠠᠭᠠᠳᠦ︾ ᠶᠠᠷᠢᠶ᠎ᠠ ᠢᠯᠡᠳᠭᠡᠯ ᠤᠨ ᠤᠷᠤᠯᠳᠤᠭᠠᠨ  ᠪᠣᠯᠤᠨ ᠲᠠᠪᠤᠳᠠᠬᠢ ᠤᠳᠠᠭᠠᠨ ᠤ ︽ᠦᠨᠳᠦᠰᠦᠨ ᠤ ᠬᠡᠯᠡ ᠬᠤᠨᠳᠠᠭᠠᠲᠤ︾ ᠣᠶᠤᠨ ᠤ ︽ᠮᠣᠩᠭᠤᠯ ᠠᠷᠠᠳ ᠤᠨ ᠵᠦᠢᠷ ᠰᠡᠴᠡᠨ ᠦᠭᠡ ᠶᠢ ᠪᠦᠲᠦᠨ ᠪᠣᠯᠭᠠᠬᠤ︾ — ᠠᠰᠠᠭᠤᠯᠲᠠ ᠬᠠᠷᠢᠭᠤᠯᠲᠠ ᠶᠢᠨ ᠤᠷᠤᠯᠳᠤᠭᠠᠨ ᠵᠡᠷᠭᠡ ᠪᠠᠷ ᠠᠭᠤᠯᠭ᠎ᠠ ᠪᠠᠶᠠᠯᠢᠭ ᠤᠴᠢᠷᠳᠠᠢ ᠰᠠᠶᠢᠬᠠᠨ ᠶᠠᠪᠤᠭᠳᠠᠵᠦ᠂  ᠬᠤᠷᠠᠭᠰᠠᠨ ᠣᠯᠠᠨ ᠤ ᠠᠪᠢᠶᠠᠰ ᠠᠪᠬᠠᠯᠵᠢ ᠶᠢ ᠰᠣᠷᠢᠯ᠎ᠠ᠃    ᠤᠷᠤᠯᠳᠤᠭᠠᠨ ᠤ ᠳ᠋ᠦᠩ ᠳᠤ ᠪᠠᠭ᠎ᠠ ᠰᠤᠷᠭᠠᠭᠤᠯᠢ ᠶᠢᠨ ᠳᠠᠭᠤᠤ ᠶᠢᠨ ᠤᠷᠤᠯᠳᠤᠭᠠᠨ ᠳᠤ ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠠᠶᠠᠨ᠎ᠠ ᠲᠡᠷᠢᠭᠦᠯᠡᠨ᠂ ᠠᠩᠬ᠎ᠠ ᠳᠤᠮᠳᠠᠳᠤ ᠰᠤᠷᠭᠠᠭᠤᠯᠢ ᠠᠴᠠ ᠶᠡᠭᠡ ᠰᠤᠷᠭᠠᠭᠤᠯᠢ ᠶᠢᠨ ᠰᠤᠷᠤᠭᠴᠢᠳ ᠤᠨ ᠨᠣᠮ ᠤᠩᠰᠢᠯᠭ᠎ᠠ ᠶᠢᠨ ᠤᠷᠤᠯᠳᠤᠭᠠᠨ ᠳᠤ ᠴᠠᠭᠠᠠᠨᠠᠭᠤᠷ ᠪᠠᠯᠭᠠᠰᠤᠨ ᠤ ᠤᠷᠠᠨᠰᠣᠳᠤ ᠲᠡᠷᠢᠭᠦᠯᠡᠨ᠂ ᠶᠠᠷᠢᠶ᠎ᠠ ᠢᠯᠡᠳᠭᠡᠯ ᠤᠨ ᠤᠷᠤᠯᠳᠤᠭᠠᠨ ᠳᠤ  ᠪᠠᠶᠠᠨᠲᠤᠭ ᠰᠤᠮᠤᠨ ᠤ ᠶᠢᠰᠦᠨ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠲᠥᠯᠦᠭᠡᠯᠡᠭᠴᠢ ᠭᠡᠰᠢᠭᠦᠳ ︽ᠨᠣᠮ ᠤᠩᠰᠢᠬᠤ ᠶᠢᠨ ᠰᠠᠶᠢᠨ ᠲᠠᠯ᠎ᠠ  ᠨᠢ ᠬᠠᠮᠢᠭ᠎ᠠ ᠨᠢ ᠪᠠᠶᠢᠬᠤ ᠪᠣᠢ︾ ᠭᠡᠬᠦ ᠰᠡᠳᠦᠪ ᠤᠨ ᠲᠣᠭᠤᠷᠢᠨ ᠳᠤ ᠬᠡᠯᠡᠨ ᠤ ᠤᠷᠠᠨ ᠰᠢᠯᠭᠠᠭᠰᠠᠨ ᠤ ᠳ᠋ᠦᠩ ᠳᠤ ᠳᠡᠯᠭᠡᠷᠪᠤᠯᠠᠭ ᠭᠠᠴᠠᠭᠠᠨ ᠤ ᠠᠩᠭᠢᠷ ᠲᠡᠷᠢᠭᠦᠯᠡᠵᠡᠢ  ᠂ ᠵᠦᠢᠷ ᠰᠡᠴᠡᠨ ᠦᠭᠡ ᠪᠦᠲᠦᠨ ᠪᠣᠯᠭᠠᠬᠤ ᠤᠷᠤᠯᠳᠤᠭᠠᠨ ᠳᠤ ︽ᠲᠡᠭᠡᠭ ᠤᠨ ᠨᠠᠮᠤᠷ︾ ᠰᠣᠶᠣᠯ ᠤᠨ ᠴᠢᠭᠤᠯᠭᠠᠨ ᠤ ᠭᠡᠰᠢᠭᠦᠳ ᠪᠣᠯᠤᠨ ︽ᠨᠣᠮ ᠤᠨ ᠳᠡᠭᠡᠵᠢ︾ ᠬᠤᠯᠪᠤᠭᠠᠨ ᠤ ᠭᠡᠰᠢᠭᠦᠳ  ᠤᠬᠠᠭᠠᠨ ᠰᠣᠷᠢᠨ᠂ ᠰᠢᠯᠢ ᠶᠢᠨ ᠬᠤᠳᠠ ᠶᠢᠨ ᠪᠠᠶᠠᠨᠪᠤᠯᠠᠭ ᠰᠤᠮᠤᠨ ᠤ ᠰᠣᠶᠤᠯᠪᠠᠭᠠᠲᠤᠷ  ᠲᠡᠷᠢᠬᠦᠯᠡᠯ᠎ᠡ᠃ ᠳᠠᠭᠤᠤ ᠲᠠᠢ᠂ ᠰᠣᠶᠣᠯ ᠲᠠᠢ ᠲᠤᠷᠠᠰᠤᠮᠵᠢ ᠳᠦᠭᠦᠷᠡᠩ ᠤᠷᠤᠯᠳᠤᠭᠠᠨ ᠡᠮᠬᠢ ᠴᠡᠭᠴᠡ ᠲᠠᠢ᠂ ᠡᠷᠡᠮᠪᠡ ᠳᠠᠷᠠᠭᠠᠯᠠᠨ ᠶᠠᠪᠤᠭᠳᠠᠵᠤ ᠵᠣᠷᠢᠵᠤ ᠣᠴᠢᠭᠰᠠᠨ ᠪᠣᠯᠭᠠᠨ ᠤ ᠣᠯᠣᠯᠲᠠ ᠶᠡᠬᠡᠬᠡᠨ ᠪᠠᠶᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号