ᠲᠠᠪᠤᠨ ᠬᠤᠰᠢᠭᠤ ᠮᠠᠯ ᠤᠨ ᠶᠠᠰᠤ ᠬᠡᠳᠦᠢ ᠪᠠᠶᠢᠳᠠᠭ ᠢ ᠲᠠ‌ᠨᠠᠷ ᠮᠡᠳᠡᠨ᠎ᠡ ᠦᠦ︖
ᠨᠡᠶᠢᠲᠡᠯᠡᠭᠰᠡᠨ ᠴᠠᠭ᠄
2024/8/27
   ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠨᠠᠷᠠᠨᠪᠤᠯᠠᠭ ᠭᠠᠴᠠᠭᠠᠨ ᠤ ᠶᠠᠰᠤᠨ ᠰᠡᠶᠢᠯᠪᠦᠷᠢᠴᠢᠨ ᠡᠷᠳᠡᠨᠢᠪᠠᠭᠠᠲᠤᠷ ᠪᠣᠯ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠥᠪᠯᠡᠨ ᠤᠯᠠᠮᠵᠢᠯᠠᠭᠴᠢ ᠶᠤᠮ᠃ ᠲᠡᠭᠦᠨ ᠤ ᠦᠬᠡᠷ ᠤᠨ ᠰᠢᠯᠪᠢᠨ ᠶᠠᠰᠤᠨ ᠳᠡᠭᠡᠷ᠎ᠡ ᠰᠡᠶᠢᠯᠦᠭᠰᠡᠨ ︽ᠲᠠᠪᠤᠨ ᠬᠤᠰᠢᠭᠤ ᠮᠠᠯ ᠤᠨ ᠶᠠᠰᠤᠨ ᠤ ᠲᠤᠭ᠎ᠠ︾ ᠨᠢ ᠤᠯᠤᠰ ᠤᠨ ᠲᠤᠰᠬᠠᠢ ᠠᠰᠢᠭ ᠤᠨ ᠡᠷᠬᠡ ᠶᠢ ᠬᠦᠷᠲᠡᠪᠡ᠃    ᠶᠠᠰᠤᠨ ᠰᠡᠶᠢᠯᠦᠮᠡᠯᠴᠢᠨ ᠡᠷᠳᠡᠨᠢᠪᠠᠭᠠᠲᠤᠷ    ᠡᠷᠳᠡᠨᠢᠪᠠᠭᠠᠲᠤᠷ 2009 ᠣᠨ ᠳᠤ ᠪᠡᠯᠭᠦᠳᠡᠢ ᠪᠠᠯᠭᠠᠰᠣᠨ ᠳᠤ ᠭᠠᠷ ᠤᠷᠠᠯᠠᠯ ᠤᠨ ᠪᠦᠲᠦᠭᠡᠭᠳᠡᠭᠦᠨ ᠤ ᠠᠵᠢᠯᠯᠠᠬᠤ ᠲᠠᠰᠤᠭ ᠢ ᠪᠠᠶᠢᠭᠤᠯᠵᠤ᠂ 2012 ᠣᠨ ᠳᠤ ᠠᠵᠢᠯᠯᠠᠬᠤ ᠲᠠᠰᠤᠭ ᠢᠶᠠᠨ ︽ᠡᠷᠳᠡᠨᠢ ᠭᠠᠷ ᠤᠷᠠᠯᠠᠯ ᠤᠨ ᠭᠠᠵᠠᠷ︾ ᠭᠡᠵᠦ ᠳᠠᠩᠰᠠᠯᠠᠭᠤᠯᠤᠨ᠂ ᠡᠯ᠎ᠡ ᠵᠦᠢᠯ ᠤᠨ ᠶᠠᠰᠤᠨ ᠰᠡᠶᠢᠯᠦᠮᠡᠯ᠂ ᠮᠣᠷᠢᠨ ᠡᠳ᠋ᠯᠡᠯ ᠢᠶᠠᠷ ᠭᠤᠣᠯᠳᠠᠭᠰᠠᠨ ᠭᠠᠷ ᠤᠷᠠᠯᠠᠯ ᠤᠨ ᠪᠦᠲᠦᠭᠡᠭᠳᠡᠭᠦᠨ ᠬᠢᠵᠦ ᠪᠣᠷᠤᠯᠠᠭᠤᠯᠤᠨ᠂ ᠡᠳᠦᠭᠡ ᠪᠣᠯᠲᠠᠯ᠎ᠠ 15 ᠵᠢᠯ ᠤᠨ ᠨᠢᠭᠤᠷ ᠢ ᠦᠵᠡᠵᠦ ᠪᠤᠢ᠃ ᠡᠷᠳᠡᠨᠢᠪᠠᠭᠠᠲᠤᠷ ᠤᠨ ᠠᠵᠢᠯᠯᠠᠬᠤ ᠲᠠᠰᠤᠭ ᠲᠤ ᠲᠡᠭᠦᠨ ᠤ ᠶᠠᠰᠤᠨ ᠳᠡᠭᠡᠷ᠎ᠡ ᠰᠡᠶᠢᠯᠦᠭᠰᠡᠨ ︽ᠲᠠᠪᠤᠨ ᠬᠤᠰᠢᠭᠤ ᠮᠠᠯ ᠤᠨ ᠶᠠᠰᠤᠨ ᠤ ᠲᠤᠭ᠎ᠠ︾ ᠶᠢ ᠳᠡᠯᠭᠡᠨ ᠦᠵᠡᠭᠦᠯᠵᠦ ᠪᠠᠶᠢᠳᠠᠭ᠃ ᠡᠨᠡ ᠨᠢ 2023 ᠣᠨ ᠤ 7 ᠰᠠᠷ᠎ᠠ ᠳᠤ ᠤᠯᠤᠰ ᠤᠨ ᠲᠤᠰᠬᠠᠢ ᠠᠰᠢᠭ ᠤᠨ ᠡᠷᠬᠡ ᠶᠢ ᠬᠦᠷᠲᠡᠭᠰᠡᠨ ᠶᠤᠮ᠃    ︽︿ᠲᠠᠪᠤᠨ ᠬᠤᠰᠢᠭᠤ  ᠮᠠᠯ ᠤᠨ ᠶᠠᠰᠤᠨ ᠤ ᠲᠤᠭ᠎ᠠ﹀ ᠶᠢ 36 ᠬᠡᠰᠡᠭ ᠦᠬᠡᠷ ᠤᠨ ᠰᠢᠯᠪᠢᠨ ᠶᠠᠰᠤᠨ ᠳᠡᠭᠡᠷ᠎ᠡ ᠲᠡᠮᠳᠡᠭᠯᠡᠵᠦ ᠰᠡᠶᠢᠯᠦᠭᠰᠡᠨ ᠶᠤᠮ᠃ ᠡᠭᠦᠨ ᠳᠤ ᠲᠠᠪᠤᠨ ᠬᠤᠰᠢᠭᠤ ᠮᠠᠯ ᠤᠨ ᠭᠤᠣᠯ ᠨᠢᠷᠤᠭᠤᠨ ᠤ ᠶᠠᠰᠤ᠂ ᠲᠤᠯᠤᠭᠠᠢ ᠶᠢᠨ ᠶᠠᠰᠤ᠂ ᠬᠠᠪᠢᠷᠭᠠᠨ ᠤ ᠶᠠᠰᠤ᠂ ᠡᠪᠴᠢᠭᠦᠨ ᠤ ᠶᠠᠰᠤ᠂ ᠡᠮᠦᠨ᠎ᠡ ᠮᠦᠴᠢ ᠶᠢᠨ ᠶᠠᠰᠤ᠂ ᠬᠤᠶᠢᠲᠤ ᠮᠦᠴᠢ ᠶᠢᠨ ᠶᠠᠰᠤᠨ ᠤ ᠲᠤᠭ᠎ᠠ ᠶᠢ ᠲᠤᠰ ᠲᠤᠰ ᠳᠤᠨᠢ ᠲᠤᠲᠤᠷᠬᠠᠢ ᠪᠢᠴᠢᠪᠡ᠃ ᠠᠳᠤᠭᠤ 202 — 209 ᠶᠠᠰᠤ  ᠲᠠᠢ᠂ ᠦᠬᠡᠷ᠂ ᠬᠤᠨᠢ᠂ ᠢᠮᠠᠭ᠎ᠠ 213 — 215 ᠶᠠᠰᠤ ᠲᠠᠢ᠂ ᠲᠡᠮᠡᠭᠡ 207 — 213 ᠶᠠᠰᠤ ᠲᠠᠢ︾ ᠭᠡᠵᠦ ᠡᠷᠳᠡᠨᠢᠪᠠᠭᠠᠲᠤᠷ ᠶᠠᠷᠢᠨ᠎ᠠ᠃    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠡᠷᠳᠡᠨᠢᠪᠠᠭᠠᠲᠤᠷ ᠤᠯᠠᠨ ᠠᠷᠪᠢᠨ ᠱᠠᠩᠨᠠᠯ ᠬᠦᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠭᠰᠠᠨ ᠪᠦᠭᠡᠳ ᠮᠤᠵᠢ ᠶᠢᠨ ᠳᠣᠲᠤᠨ᠎ᠠ ᠭᠠᠳᠠᠨᠠᠬᠢ ᠦᠵᠡᠭᠦᠯᠭᠡ ᠳᠤ ᠣᠯᠠᠨᠲᠠ ᠣᠷᠤᠯᠴᠠᠭᠰᠠᠨ ᠪᠠᠶᠢᠨ᠎ᠠ᠃ ᠲᠡᠷᠡᠪᠡᠷ 2020 ᠣᠨ ᠳᠤ ᠥᠪᠡᠷ ᠤᠨ ᠤᠷᠠᠯᠠᠭᠰᠠᠨ 4.5 ᠲᠦᠮᠡᠨ ᠲᠦᠭᠦᠷᠢᠭ ᠤᠨ ᠥᠷᠲᠡᠭ ᠪᠦᠬᠦᠢ ᠶᠠᠰᠤᠨ ᠴᠢᠮᠡᠭᠯᠡᠯ ᠲᠠᠢ ︽ᠲᠠᠪᠤᠨ ᠡᠷᠳᠡᠨᠢ︾ ᠭᠡᠮᠡᠬᠦ ᠡᠮᠡᠭᠡᠯ ᠢᠶᠠᠨ ᠠᠪᠠᠭ᠎ᠠ ᠬᠤᠰᠢᠭᠤᠨ ᠤ ᠮᠦᠽᠧᠢ ᠳᠤ ᠬᠠᠨᠳᠢᠪᠯᠠᠭᠰᠠᠨ ᠪᠠᠶᠢᠨ᠎ᠠ᠃  ᠲᠡᠭᠦᠨ ᠳᠤ ᠪᠠᠰᠠ ᠡᠬᠡ ᠶᠢᠨ ᠬᠠᠶᠢᠷ᠎ᠠ ᠶᠢ ᠬᠠᠷᠠᠭᠤᠯᠤᠭᠰᠠᠨ ᠶᠠᠰᠤᠨ ᠰᠡᠶᠢᠯᠦᠮᠡᠯ᠂ ᠦᠨᠳᠦᠰᠦᠲᠡᠨ ᠤ ᠪᠦᠯᠬᠦᠮᠳᠡᠯ ᠢ ᠬᠠᠷᠠᠭᠤᠯᠤᠭᠰᠠᠨ ᠭᠠᠷᠤᠳᠢ ᠪᠣᠯᠤᠨ ᠯᠤᠤ᠂ ᠡᠩᠬᠡ ᠲᠠᠶᠢᠪᠤᠩ ᠢ ᠪᠡᠯᠭᠡᠳᠡᠭᠰᠡᠨ ᠶᠠᠰᠤᠨ ᠰᠡᠶᠢᠯᠦᠮᠡᠯ᠂ ᠶᠠᠰᠤᠨ ᠮᠣᠩᠭᠤᠯ ᠰᠢᠲᠠᠷ᠎ᠠ ᠵᠡᠷᠭᠡ ᠣᠯᠠᠨ ᠰᠠᠶᠢᠨ ᠪᠦᠲᠦᠭᠡᠯ  ᠲᠠᠢ ᠪᠠᠶᠢᠳᠠᠭ᠃   ᠶᠠᠰᠤᠨ ᠰᠡᠶᠢᠯᠦᠮᠡᠯ ᠤᠨ ᠤᠷ᠎ᠠ ᠳᠡᠮ ᠢᠶᠠᠨ ᠵᠢᠭᠠᠵᠤ ᠤᠯᠠᠮᠵᠢᠯᠠᠨ᠎ᠠ   ᠡᠷᠳᠡᠨᠢᠪᠠᠭᠠᠲᠤᠷ 2019 ᠣᠨ ᠠᠴᠠ ᠡᠬᠢᠯᠡᠭᠡᠳ ᠠᠪᠠᠭ᠎ᠠ ᠬᠤᠰᠢᠭᠤᠨ ᠤ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢᠳ᠂ ᠬᠦᠬᠡᠬᠤᠳᠡ ᠠᠴᠠ ᠢᠷᠡᠭᠰᠡᠨ ᠶᠡᠭᠡ ᠰᠤᠷᠭᠠᠭᠤᠯᠢ ᠶᠢᠨ ᠰᠤᠷᠤᠭᠴᠢᠳ᠂ ᠶᠠᠳᠠᠭᠤ ᠬᠦᠴᠢᠷᠳᠡᠯᠳᠡᠢ ᠡᠷᠦᠬᠡ᠂ ᠣᠶᠢᠷ᠎ᠠ ᠬᠤᠪᠢ ᠶᠢᠨ ᠮᠠᠯᠴᠢᠳ ᠲᠤ ᠶᠠᠮᠠᠷᠴᠦ ᠬᠦᠯᠦᠰᠦ ᠬᠠᠷᠠᠮᠵᠢ ᠦᠭᠡᠢ ᠪᠠᠷ ᠤᠯᠠᠮᠵᠢᠯᠠᠯᠲᠤ ᠶᠠᠰᠤᠨ ᠰᠡᠶᠢᠯᠦᠮᠡᠯ ᠤᠷᠠᠯᠠᠬᠤ ᠠᠯᠬᠤᠮ ᠳᠠᠷᠠᠭ᠎ᠠ᠂ ᠭᠠᠷ ᠤᠷᠠᠯᠠᠯ ᠤᠨ ᠪᠦᠲᠦᠭᠡᠯ ᠰᠡᠶᠢᠯᠪᠦᠷᠢᠯᠡᠬᠦ ᠶᠢ ᠵᠢᠭᠠᠵᠤ᠂ ᠤᠷᠢᠳ ᠬᠤᠵᠢᠳ 80 ᠭᠠᠷᠤᠢ ᠰᠤᠷᠤᠭᠴᠢ ᠬᠦᠮᠦᠵᠢᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ ᠲᠡᠷᠡ ᠭᠠᠷ ᠤᠷᠠᠯᠠᠯ ᠤᠨ ᠪᠠᠭ᠋ᠠᠲᠠᠳ ᠤᠨ ᠵᠢᠷᠬᠢᠶ᠎ᠡ ᠬᠤᠯᠪᠤᠭ᠎ᠠ ᠪᠠᠶᠢᠭᠤᠯᠵᠤ᠂ ᠬᠤᠯᠪᠤᠭᠠᠨ ᠳᠡᠭᠡᠷ᠎ᠡ ᠪᠠᠨ ᠭᠠᠷ ᠤᠷᠠᠯᠠᠯ ᠤᠨ ᠤᠷᠤᠯᠳᠤᠭᠠᠨ ᠶᠠᠪᠤᠭᠤᠯᠬᠤ ᠪᠤᠶᠤ ᠭᠠᠷ ᠤᠷᠠᠯᠠᠯ ᠤᠨ ᠤᠷ᠎ᠠ ᠳᠡᠮ ᠢ ᠵᠢᠭᠠᠵᠤ᠂ ᠦᠨᠳᠦᠰᠦᠲᠡᠨ ᠤ ᠥᠪ ᠰᠤᠶᠤᠯ ᠢᠶᠠᠨ ᠤᠯᠠᠮᠵᠢᠯᠠᠨ ᠳᠡᠯᠭᠡᠷᠡᠭᠦᠯᠬᠦ ᠳᠤ ᠬᠦᠴᠦᠨ ᠵᠢᠳᠬᠦᠯ ᠢᠶᠠᠨ ᠦᠵᠡᠭᠦᠯᠵᠦ ᠶᠠᠪᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号