ᠡᠮᠦᠨᠡᠬᠡᠨ᠂ ᠠᠪᠠᠭ᠎ᠠ ᠬᠤᠰᠢᠭᠤᠨ ᠤ ︽ᠲᠤᠭᠠᠯᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ᠂ ᠮᠠᠯᠲᠠᠭᠤᠷ ᠮᠠᠰᠢᠨ ᠬᠦᠷᠴᠢᠬᠢᠨᠡᠨ᠂ ᠴᠠᠬᠢᠯᠭᠠᠨ ᠭᠠᠩᠨᠠᠭᠤᠷ | ᠤᠨ ᠲᠠᠭᠤᠨ ᠦᠷᠬᠦᠯᠵᠢᠯᠡᠵᠦ᠂ ᠢᠯᠴᠢ ᠬᠠᠩᠭᠠᠬᠤ ᠬᠤᠭᠤᠯᠠᠢ ᠵᠠᠯᠭᠠᠨ᠂ ᠲᠡᠭᠡᠭᠡᠪᠦᠷᠢ ᠶᠢᠨ ᠮᠠᠰᠢᠨ ᠰᠦᠯᠵᠢᠯᠳᠦᠨ | ᠰᠤᠯᠠ ᠰᠢᠷᠣᠢ ᠵᠥᠭᠡᠭᠡᠵᠦ᠂ ᠠᠵᠢᠯᠴᠢᠳ ᠮᠠᠰᠢ ᠶᠠᠭᠠᠷᠠᠯᠳᠠᠶᠢᠬᠠᠨ ᠠᠵᠢᠯᠵᠠᠭᠠᠨᠠ᠃ | ︽ᠲᠤᠯᠠᠭᠠᠯᠭ᠎ᠠ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠮᠥᠷᠲᠡᠭᠡᠨ ᠲᠦᠭ ᠲᠦᠮᠡᠨ ᠠᠶᠢᠯ ᠡᠷᠦᠬᠡ ᠲᠠᠢ | ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠦᠨᠦ ᠵᠢᠯ ᠠᠪᠠᠭ᠎ᠠ ᠬᠤᠰᠢᠭᠤ | ︽ᠲᠤᠯᠠᠭᠠᠯᠭ᠎ᠠ ᠶᠢᠨ ᠢᠨᠵᠧᠨᠧᠷᠢᠩ︾ ᠢ ᠯᠠᠪᠳᠠᠭᠤᠨ ᠪᠠᠲᠤᠲᠠᠶ ᠠᠬᠢᠭᠤᠯᠵᠤ᠂ ᠢᠯᠴᠢ ᠬᠠᠩᠭᠠᠬᠤ ᠠᠰᠠᠭᠤᠳᠠᠯ | ᠨᠡᠯᠢᠶᠡᠳ ᠲᠣᠪᠤᠶᠢᠮ᠎ᠠ ᠰᠠᠭᠤᠭᠠᠯᠢ ᠲᠣᠭᠤᠷᠢᠭ ᠲᠤ ᠴᠢᠭᠯᠡᠭᠦᠯᠦᠨ᠂ ᠢᠯᠴᠢ ᠬᠠᠩᠭᠠᠬᠤ ᠲᠣᠤᠷ ᠢ ᠰᠢᠨᠡᠳᠬᠡᠬᠦ᠂ | ᠢᠯᠴᠢ ᠰᠣᠯᠢᠯᠴᠠᠬᠤ ᠥᠷᠲᠡᠭᠡ ᠶᠢ ᠲᠡᠰ ᠲᠡᠪᠰᠢᠬᠦᠯᠬᠦ ᠵᠡᠷᠭᠡ ᠲᠠᠯ᠎ᠠ ᠪᠠᠷ ᠬᠦᠴᠦᠯᠡᠵᠦ᠂ ᠲᠤᠳᠠᠭᠤᠳᠠᠯ ᠢ | ᠨᠦᠬᠦᠪᠦᠷᠢᠯᠡᠨ᠂ ︽ᠲᠤᠯᠠᠭᠠᠯᠭ᠎ᠠ ᠶᠢᠨ ᠢᠨᠵᠧᠨᠧᠷᠢᠩ︾ ᠤᠨ ᠦᠭᠡᠷᠡᠴᠢᠯᠡᠨ ᠵᠠᠰᠠᠬᠤ ᠲᠥᠷᠥᠯ ᠵᠦᠢᠯ ᠢ | ᠬᠡᠷᠡᠭᠵᠢᠬᠦᠯᠬᠦ ᠶᠢ ᠪᠦᠲᠦᠮᠵᠢᠲᠡᠶ ᠠᠬᠢᠭᠤᠯᠵᠦ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠰᠠᠭᠤᠭᠠᠯᠢ | ᠠᠷᠠᠳ ᠤᠨ ᠲᠤᠯᠠᠭᠠᠯᠭ᠎ᠠ ᠶᠢᠨ ᠶᠠᠰᠤ ᠴᠢᠨᠠᠷ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠠᠷᠠᠳ ᠣᠯᠠᠨ ᠤ | ᠬᠠᠯᠠᠭᠤᠨ ᠳᠤᠯᠠᠭᠠᠨ ᠢ ᠪᠠᠲᠤᠯᠠᠬᠤ ᠪᠠᠷ ᠲᠠᠬᠢᠨᠳᠠ ᠬᠦᠴᠦᠯᠡᠨ ᠴᠢᠷᠮᠠᠶᠢᠨ᠎ᠠ᠃ | ᠪᠡᠯᠭᠦᠳᠡᠢ ᠪᠠᠯᠭᠠᠰᠤᠨ ᠤ ᠬᠤᠸᠠ ᠶᠤᠸᠠᠨ ᠢᠯᠴᠢ ᠰᠣᠯᠢᠯᠴᠠᠬᠤ ᠥᠷᠲᠡᠭᠡ ᠶᠢᠨ ᠰᠡᠯᠪᠢᠨ ᠵᠠᠰᠠᠬᠤ ᠲᠥᠷᠥᠯ | ᠵᠦᠢᠯ ᠤᠨ ᠠᠬᠤᠢ ᠲᠠᠯᠠᠪᠠᠢ ᠳᠤ᠂ ᠠᠵᠢᠯᠴᠢᠳ ᠢᠯᠴᠢ ᠬᠠᠩᠭᠠᠬᠤ ᠬᠤᠭᠤᠯᠠᠢ ᠶᠢ ᠬᠤᠯᠪᠤᠨ ᠭᠠᠩᠨᠠᠵᠤ᠂ ᠢᠵᠢ | ᠪᠦᠷᠢᠳᠦᠬᠦᠯᠦᠭᠰᠡᠨ ᠬᠤᠭᠤᠯᠠᠢ ᠲᠣᠣᠷ ᠤᠨ ᠳᠠᠭᠠᠯᠲᠠ ᠲᠥᠬᠦᠭᠡᠷᠦᠮᠵᠢ ᠶᠢ ᠤᠭᠰᠠᠷᠠᠵᠤ ᠪᠠᠶᠢᠯ᠎ᠠ᠃ ︽ᠢᠯᠴᠢ | ᠰᠣᠯᠢᠯᠴᠠᠬᠤ ᠥᠷᠲᠡᠭᠡ ᠨᠢ ᠪᠥᠬᠦ ᠬᠤᠰᠢᠭᠤᠨ ᠤ 18 ᠲᠦᠮᠡᠨ ᠬᠠᠪᠳᠠᠭᠠᠢ ᠳᠥᠷᠪᠡᠯᠵᠢᠨ ᠮᠧᠲᠷ ᠤᠨ ᠢᠯᠴᠢ | ᠬᠠᠩᠭᠠᠬᠤ ᠡᠭᠦᠷᠭᠡ ᠶᠢ ᠡᠬᠦᠷᠭᠡᠯᠡᠭᠡᠳ 15 ᠵᠢᠯ ᠤᠨ ᠨᠢᠭᠤᠷ ᠢ ᠦᠵᠡᠵᠦ ᠪᠤᠢ᠂ ᠡᠶᠢᠨᠬᠦ ᠲᠥᠬᠦᠭᠡᠷᠦᠮᠵᠢ ᠨᠢ | ᠬᠠᠭᠤᠴᠢᠷᠠᠭᠰᠠᠨ᠂ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠭᠰᠠᠨ᠂ ᠢᠯᠴᠢ ᠬᠠᠩᠭᠠᠬᠤ ᠴᠢᠳᠠᠪᠤᠷᠢ ᠬᠦᠷᠦᠯᠴᠡᠬᠦ | ᠥᠬᠡᠶ ᠵᠡᠷᠭᠡ ᠠᠰᠠᠭᠤᠳᠠᠯ ᠲᠣᠪᠤᠶᠢᠮ᠎ᠠ ᠪᠤᠯᠵᠦ᠂ ᠰᠠᠭᠤᠭᠠᠯᠢ ᠠᠷᠠᠳ ᠤᠨ ᠲᠤᠯᠠᠭᠠᠯᠭ᠎ᠠ ᠶᠢᠨ ᠶᠠᠰᠤ ᠴᠢᠨᠠᠷ ᠢ | ᠰᠢᠭᠤᠳ ᠨᠥᠯᠥᠭᠡᠯᠡᠵᠦ ᠪᠠᠶᠢᠨ᠎ᠠ︾ ᠭᠡᠵᠦ ᠠᠪᠠᠭ᠎ᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ | ᠵᠣᠣ ᠵᠢᠶᠠᠨ ᠭᠠᠩ ᠲᠠᠨᠢᠯᠴᠠᠭᠤᠯᠤᠨ᠎ᠠ᠃ ᠢᠯᠴᠢ ᠰᠣᠯᠢᠯᠴᠠᠬᠤ ᠴᠢᠳᠠᠪᠤᠷᠢ ᠪᠠ ᠢᠯᠴᠢ ᠬᠠᠩᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠮᠠᠨ ᠤ ᠬᠤᠰᠢᠭᠤ ᠬᠤᠸᠠ ᠶᠤᠸᠠᠨ ᠢᠯᠴᠢ ᠰᠤᠯᠢᠯᠴᠠᠬᠤ | ᠥᠷᠲᠡᠭᠡ ᠶᠢ ᠰᠡᠯᠪᠢᠨ ᠵᠠᠰᠠᠵᠤ ᠥᠭᠡᠷᠡᠴᠢᠯᠡᠬᠦ ᠶᠢᠨ ᠬᠠᠮᠲᠤ ᠰᠢᠨ᠎ᠡ ᠪᠠᠷ ᠪᠠᠰᠠ ᠨᠢᠭᠡ ᠢᠯᠴᠢ ᠰᠤᠯᠢᠯᠴᠠᠬᠤ ᠥᠷᠲᠡᠭᠡ | ᠪᠠᠶᠢᠭᠤᠯᠵᠤ᠂ ᠬᠤᠸᠠ ᠶᠤᠸᠠᠨ ᠤ ᠢᠯᠴᠢ ᠰᠤᠯᠢᠯᠴᠠᠬᠤ ᠥᠷᠲᠡᠭᠡ ᠶᠢᠨ ᠬᠠᠭᠠᠰ ᠰᠢᠬᠠᠮ ᠢᠯᠴᠢ ᠬᠠᠩᠭᠠᠬᠤ | ᠡᠭᠦᠷᠭᠡ ᠶᠢ ᠡᠭᠦᠷᠭᠡᠯᠡᠨ᠎ᠡ᠃ ︽ᠬᠤᠶᠠᠷ ᠢᠯᠴᠢ ᠰᠣᠯᠢᠯᠴᠠᠬᠤ ᠥᠷᠲᠡᠭᠡ ᠨᠢ ᠨᠡᠶᠢᠲᠡ 18 ᠲᠦᠮᠡᠨ ᠬᠠᠪᠳᠠᠭᠠᠢ | ᠳᠥᠷᠪᠡᠯᠵᠢᠨ ᠮᠧᠲᠷ ᠤᠨ ᠢᠯᠴᠢ ᠬᠠᠩᠭᠠᠬᠤ ᠲᠠᠯᠠᠪᠠᠶ ᠳᠤ ᠦᠢᠯᠡᠴᠢᠯᠡᠵᠦ᠂ ᠢᠯᠴᠢ ᠬᠠᠩᠭᠠᠬᠤ ᠠᠰᠢᠭᠯᠠᠮᠵᠢ ᠨᠢ | ᠦᠨᠳᠦᠷ ᠪᠤᠯᠵᠦ᠂ ᠪᠥᠬᠦ ᠬᠤᠰᠢᠭᠤᠨ ᠤ ᠢᠯᠴᠢ ᠬᠠᠩᠭᠠᠬᠤ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠠᠮᠤᠷ | ᠲᠦᠪᠰᠢᠨ ᠴᠢᠨᠠᠷ ᠴᠤ ᠢᠯᠡᠳᠲᠡ ᠨᠡᠮᠡᠭᠳᠡᠬᠦ ᠪᠣᠯᠤᠨ᠎ᠠ︾ ᠵᠣᠣ ᠵᠢᠶᠠᠨ ᠭᠠᠩ ᠶᠠᠷᠢᠨ᠎ᠠ᠃ | ᠣᠶᠢᠯᠠᠭᠠᠭᠰᠠᠨ ᠢᠶᠠᠷ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠬᠤ ᠶᠢᠨ | ᠲᠥᠯᠥᠭᠡ᠂ ᠡᠨᠡ ᠵᠢᠯ ᠠᠪᠠᠭ᠎ᠠ ᠬᠤᠰᠢᠭᠤ 9310 ᠲᠦᠮᠡᠨ ᠲᠥᠭᠦᠷᠢᠭ ᠤᠨ ᠪᠠᠯᠠ ᠣᠷᠣᠭᠤᠯᠵᠤ᠂ ︽ᠲᠤᠯᠠᠭᠠᠯᠭ᠎ᠠ | ᠶᠢᠨ ᠢᠨᠵᠧᠨᠧᠷᠢᠩ︾ ᠢ ᠬᠡᠷᠡᠭᠵᠢᠭᠦᠯᠵᠦ᠂ 100 ᠠᠭᠤᠷᠰᠢᠯᠳᠡ ᠲᠤᠨ ᠤ ᠭᠦᠸᠧᠯᠦ 2 ᠢ ᠰᠢᠨ᠎ᠡ ᠪᠠᠷ ᠤᠭᠰᠠᠷᠠᠨ᠂ | ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠲᠣᠤᠷ ᠢ 13.9 ᠺᠢᠯᠣᠮᠧᠲᠷ ᠰᠢᠨᠡᠳᠬᠡᠨ ᠵᠠᠰᠠᠵᠤ᠂ ᠢᠯᠴᠢ | ᠰᠣᠯᠢᠯᠴᠠᠬᠤ ᠥᠷᠲᠡᠭᠡ 1 ᠢ ᠰᠢᠨ᠎ᠡ ᠪᠠᠷ ᠪᠠᠶᠢᠭᠤᠯᠤᠨ᠂ ᠢᠯᠴᠢ ᠰᠣᠯᠢᠯᠴᠠᠬᠤ ᠥᠷᠲᠡᠭᠡ 2 ᠢ ᠰᠡᠯᠪᠢᠨ ᠵᠠᠰᠠᠵᠤ | ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠣᠶ᠃ ᠣᠳᠣᠬᠠᠨ ᠳᠤ᠂ ᠡᠯ᠎ᠡ ᠲᠥᠷᠥᠯ ᠵᠦᠢᠯ ᠶᠠᠭ ᠢᠯᠭᠤᠮ | ᠤᠷᠤᠭᠰᠢᠳᠠᠢ ᠶᠠᠪᠤᠭᠳᠠᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠠᠵᠢᠯ ᠲᠠᠭᠤᠰᠬᠤ | ᠪᠤᠯᠤᠨ᠎ᠠ᠃ |