ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/28
   ᠣᠶᠢᠷ᠎ᠠ ᠳᠤ᠂ ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ᠂ ᠠᠵᠢᠯᠯᠠᠵᠤ ᠪᠠᠶᠢᠭ᠎ᠠ ᠠᠵᠢᠯᠳᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ᠂ ᠣᠨᠴᠠ ᠲᠦᠷᠦᠯ ᠤᠨ ᠠᠵᠢᠯᠯᠠᠭᠴᠢ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠭᠰᠠᠨ ᠵᠢᠴᠢ ᠰᠣᠷᠢᠯᠲᠠ ᠬᠢᠭᠰᠡᠨ ᠵᠡᠷᠭᠡ ᠪᠠᠶᠢᠳᠠᠯ ᠢ ᠨᠠᠷᠢᠨ ᠨᠢᠭᠲᠠ ᠪᠠᠶᠢᠴᠠᠭᠠᠪᠠ᠃ ᠡᠭᠦᠨ ᠤ ᠬᠠᠮᠲᠤ ᠦᠢᠯᠡᠳᠪᠦᠷᠢᠯᠡᠯ ᠤᠨ ᠲᠠᠰᠤᠭ ᠤᠨ ᠲᠣᠨᠤᠭ ᠲᠥᠬᠦᠭᠡᠷᠦᠮᠵᠢ᠂ ᠴᠠᠬᠢᠯᠭᠠᠨ ᠱᠤᠭᠤᠮ᠂ ᠲᠠᠷᠬᠠᠭᠠᠬᠤ ᠵᠠᠮ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠠ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠨᠢᠮᠪᠠᠶ ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠠᠵᠤ ᠠᠬᠤᠶᠢᠯᠠᠯ ᠢ ᠬᠠᠤᠯᠢ ᠲᠣᠭᠲᠠᠭᠠᠯ ᠤᠨ ᠪᠠᠷᠢᠮᠵᠢᠶ᠎ᠠ ᠲᠠᠢ ᠬᠠᠷᠢᠴᠠᠭᠤᠯᠤᠨ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠡᠷᠬᠡᠪᠰᠢ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠠᠨ ᠪᠠ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠳ ᠨᠢᠭᠡᠳᠦᠭᠡᠷ ᠹᠷᠣᠨᠲ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠬᠠᠷᠢᠶᠠᠲᠤ ᠲᠤᠭᠤᠷᠢᠭ ᠤᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠳᠤᠯᠠᠬᠤ ᠳᠤ ᠢᠳᠡᠪᠬᠢᠳᠡᠢ ᠠᠬᠢᠭᠤᠯᠬᠤ ᠦᠢᠯᠡᠳᠤᠯ ᠦᠵᠡᠬᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号