ᠠᠪᠠᠭ᠎ᠠ ᠬᠤᠰᠢᠭᠤ ᠮᠠᠯᠴᠢᠳ ᠤᠨ ᠠᠮᠤᠷ ᠲᠦᠪᠰᠢᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠪᠡ
ᠨᠡᠶᠢᠲᠡᠯᠡᠭᠰᠡᠨ ᠴᠠᠭ᠄
2024/8/28
   ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠠᠯᠳᠠᠡᠬᠠᠩᠭᠠᠢ ᠭᠠᠴᠠᠭᠠᠨ ᠤ ᠮᠠᠯᠴᠢᠨ ᠪᠠᠲᠤᠰᠦ᠋ᠬᠡ ᠤᠰᠤ ᠴᠡᠪᠡᠷᠰᠢᠬᠦᠯᠬᠦ ᠮᠠᠰᠢᠨ ᠠᠴᠠ ᠤᠰᠤ ᠠᠪᠴᠤ ᠪᠤᠴᠠᠯᠭᠠᠵᠤ ᠶᠠᠭᠠᠷᠠᠨ᠎ᠠ᠃ ︽ᠥᠩᠭᠡᠷᠡᠭᠰᠡᠨ ᠳᠤ ᠤᠤᠭᠤᠬᠤ ᠤᠰᠤᠨ ᠤ ᠬᠤᠵᠢᠷ ᠶᠡᠭᠡ᠂ ᠱᠣᠷᠪᠣᠭ ᠠᠮᠲᠠ ᠲᠠᠢ᠃ ᠣᠳᠣ ᠴᠠᠪᠠᠷᠰᠢᠬᠦᠯᠦᠭᠰᠡᠨ ᠤᠰᠤ ᠨᠢ ᠲᠤᠩᠭᠠᠯᠠᠭ ᠮᠦᠷᠳᠡᠬᠡᠨ ᠤᠰᠤ ᠪᠤᠴᠠᠯᠭᠠᠬᠤ ᠳᠤ ᠪᠠᠰᠠ ᠬᠤᠯᠢᠯᠳᠤᠭᠰᠠᠨ ᠡᠳ᠋ ᠦᠭᠡᠢ ᠪᠣᠯᠵᠠᠢ︾ ᠬᠡᠵᠤ ᠪᠠᠳᠤᠰᠦ᠋ᠬᠡ ᠪᠠᠶᠠᠷᠳᠡᠶᠢᠬᠠᠨ ᠬᠡᠯᠡᠪᠡ᠃    ᠠᠪᠠᠭ᠎ᠠ ᠬᠤᠰᠢᠭᠤᠨ ᠤ ᠭᠠᠵᠠᠷ ᠠᠭᠤᠳᠠᠮ ᠬᠦᠮᠦᠨ ᠴᠦᠬᠡᠨ᠂ ᠮᠠᠯᠴᠢᠳ ᠳᠠᠷᠠᠬᠠᠢ ᠪᠤᠳᠠᠷᠬᠠᠢ ᠰᠠᠭᠤᠷᠢᠰᠢᠵᠤ᠂ ᠮᠠᠯᠵᠢᠬᠤ ᠤᠷᠤᠨ ᠤ ᠤᠤᠭᠤᠬᠤ ᠤᠰᠤᠨ ᠤ ᠭᠤᠤᠯ ᠢᠷᠡᠯᠳᠡ ᠪᠤᠯ ᠭᠠᠵᠠᠷ ᠲᠤᠤᠷᠠᠬᠢ ᠤᠰᠤᠨ ᠤ ᠡᠬᠢ ᠰᠤᠷᠪᠤᠯᠵᠢ ᠪᠠᠶᠢᠵᠤ᠂ ᠬᠡᠰᠡᠭ ᠭᠠᠵᠠᠷ ᠤᠷᠤᠨ ᠤ ᠤᠰᠤᠨ ᠤ ᠴᠢᠨᠠᠷ ᠠᠨᠠᠢ ᠪᠠᠶᠢᠳᠠᠭ᠃ 2019 ᠣᠨ ᠳᠤ᠂ ᠬᠤᠰᠢᠭᠤᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠪᠠᠲᠤᠰᠦ᠋ᠬᠡ  ᠰᠦᠢᠳᠬᠡᠯ ᠬᠤᠷᠢᠶᠠᠬᠤ ᠥᠬᠡᠶ ᠪᠠᠷ ᠤᠤᠭᠤᠬᠤ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠵᠤ᠂ ᠤᠤᠭᠤᠬᠤ ᠤᠰᠤᠨ ᠤ ᠶᠠᠰᠤ ᠴᠢᠨᠠᠷ ᠢ ᠳᠡᠭᠡᠭᠰᠢᠯᠡᠭᠦᠯᠪᠡ᠃ ︽ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠦᠢᠯᠡᠳᠪᠦᠷᠢ ᠶᠢᠨ ᠺᠧ ᠲᠠᠢ ᠰᠢᠩ ᠳ᠋ᠠ ᠶᠢᠨ ᠠᠵᠢᠯᠲᠠᠳ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠱᠦᠭᠦᠬᠦ ᠭᠤᠣᠯ᠂ ᠪᠠᠶᠢᠴᠠᠭᠠᠨ ᠵᠠᠰᠠᠬᠤ ᠲᠥᠬᠦᠭᠡᠷᠦᠮᠵᠢ ᠶᠢᠨ ᠬᠡᠮ ᠰᠣᠭᠤᠭ ᠢ ᠰᠣᠯᠢᠵᠤ᠂ ᠰᠡᠭᠦᠯᠴᠢ ᠶᠢᠨ ᠬᠤᠭᠤᠴᠠᠭᠠᠨ ᠳᠤ ᠬᠠᠮᠠᠭᠠᠯᠠᠬᠤ ᠨᠢ ᠮᠠᠰᠢ ᠪᠠᠲᠤᠯᠠᠭ᠎ᠠ ᠲᠠᠢ᠃ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠰᠠᠶᠢᠵᠢᠷᠠᠭᠤᠯᠤᠭᠰᠠᠨ ᠨᠢ ᠤᠰᠤᠨ ᠤ ᠴᠢᠨᠠᠷ ᠢ ᠪᠠᠲᠤᠯᠠᠵᠤ᠂ ᠪᠢᠳᠡᠨ ᠤ ᠵᠣᠯ ᠵᠢᠷᠭᠠᠯᠲᠤ ᠲᠥᠷᠥᠭᠳᠡᠯ ᠪᠣᠯᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠠ᠃    ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠨᠢ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠨᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠤᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃    ᠣᠶᠢᠷ᠎ᠠ ᠶᠢᠨ ᠵᠢᠯ ᠠᠴᠠ ᠨᠠᠰᠢ᠂ ᠠᠪᠠᠭ᠎ᠠ ᠬᠤᠰᠢᠭᠤ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠷᠠᠳ ᠲᠦᠮᠡᠨ ᠳᠤ ᠪᠤᠶᠠᠨ ᠦᠢᠯᠡᠳᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠠᠳᠬᠤᠵᠤ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ ᠥᠭᠡᠷᠡᠴᠢᠯᠡᠬᠦ ᠪᠠᠷ ᠴᠢᠷᠮᠠᠶᠢᠵᠤ᠂ ᠪᠡᠯᠡ ᠮᠥᠩᠭᠦ ᠵᠠᠷᠤᠴᠠᠭᠤᠯᠵᠤ ᠮᠠᠯᠴᠢᠳ ᠲᠤ ᠤᠰᠤ ᠰᠠᠶᠢᠵᠢᠷᠠᠭᠤᠯᠬᠤ ᠲᠥᠬᠦᠭᠡᠷᠦᠮᠵᠢ ᠤᠭᠰᠠᠷᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠪᠠ᠃    ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2021 ᠣᠨ ᠠᠴᠠ ᠨᠠᠰᠢ᠂ ᠲᠣᠰ ᠬᠤᠰᠢᠭᠤ ᠳᠡᠭᠡᠳᠦ ᠱᠠᠲᠤᠨ ᠤ ᠤᠰᠤᠨ ᠠᠰᠢᠭᠯᠠᠯᠲᠠ ᠶᠢᠨ ᠪᠠᠯᠠ ᠮᠥᠩᠭᠦ ᠶᠢ 6776 ᠲᠦᠮᠡᠨ ᠲᠥᠭᠦᠷᠢᠭ ᠴᠢᠷᠮᠠᠶᠢᠨ ᠣᠯᠵᠤ᠂ ᠨᠡᠶᠢᠲᠡ 419 ᠤᠰᠤᠨ ᠰᠤᠷᠪᠤᠯᠵᠢ ᠶᠢᠨ ᠬᠤᠳᠳᠤᠭ᠂ 5 ᠲᠣᠨ ᠤᠰᠤ ᠬᠠᠳᠠᠭᠠᠯᠠᠬᠤ ᠵᠣᠭᠤᠷᠢ 642 ᠰᠠᠭᠤᠷᠢ᠂ 20 ᠲᠣᠨ ᠤᠰᠤ ᠬᠠᠳᠠᠭᠠᠯᠠᠬᠤ ᠵᠣᠭᠤᠷᠢ 84 ᠭᠠᠵᠠᠷ ᠪᠠᠶᠢᠭᠤᠯᠵᠤ᠂ ᠠᠦ᠋ᠲ᠋ᠣᠴᠢᠯᠠᠭᠰᠠᠨ ᠤᠰᠤ ᠲᠠᠲᠠᠬᠤ ᠲᠥᠬᠦᠭᠡᠷᠦᠮᠵᠢ 121 ᠢᠵᠢ ᠤᠭᠰᠠᠷᠠᠵᠤ᠂ 4 ᠭᠠᠵᠠᠷ ᠢ ᠲᠥᠪᠯᠡᠷᠡᠭᠦᠯᠦᠨ ᠤᠰᠤ ᠬᠠᠩᠭᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠮᠠᠯᠴᠢᠳ ᠤᠨ ︽ᠡᠴᠦᠰ ᠤᠨ ᠨᠢᠭᠡ ᠺᠢᠯᠤᠮᠧᠲᠷ︾ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠪᠡ︔ ᠮᠠᠯᠵᠢᠬᠤ ᠣᠷᠣᠨ ᠤ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ 2016 ᠣᠨ ᠠᠴᠠ 2020 ᠤᠨ ᠪᠣᠯᠲᠠᠯ᠎ᠠ᠂ ᠤᠷᠢᠳ ᠬᠤᠵᠢᠳ ᠮᠠᠯᠴᠢᠳ ᠲᠤ 7000 ᠰᠢᠬᠠᠮ ᠤᠰᠤᠨ ᠲᠥᠬᠦᠭᠡᠷᠦᠮᠵᠢ ᠶᠢ ᠤᠭᠰᠠᠷᠠᠵᠤ᠂ ᠤᠰᠤᠨ ᠤ ᠴᠢᠨᠠᠷ ᠨᠢ ᠨᠡᠯᠢᠶᠡᠳ ᠠᠨᠠᠶ ᠭᠠᠵᠠᠷ ᠣᠷᠣᠨ ᠤ ᠮᠠᠯᠴᠢᠳ ᠲᠤ ᠰᠠᠨᠠᠭ᠎ᠠ ᠠᠮᠤᠷ ᠤᠰᠤ ᠤᠤᠭᠤᠯᠭᠠᠪᠠ᠃    ᠠᠪᠠᠭ᠎ᠠ ᠬᠤᠰᠢᠭᠤ ᠮᠠᠯᠵᠢᠬᠤ ᠣᠷᠣᠨ ᠤ ᠣᠯᠠᠨ ᠲᠦᠮᠡᠨ ᠤ ᠰᠠᠨᠠᠭ᠎ᠠ ᠠᠮᠤᠷ ᠴᠢᠨᠠᠷ ᠰᠠᠶᠢᠲᠠᠶ ᠤᠤᠭᠤᠬᠤ ᠤᠰᠤ ᠤᠤᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠤᠭᠤᠬᠤ ᠤᠰᠤᠨ ᠤ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 2022 ᠣᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠥᠪᠥᠷ ᠮᠣᠩᠭᠤᠯ ᠤᠨ ᠬᠤᠤ ᠲᠠᠢ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠤᠷᠢᠨ ᠠᠪᠴᠢᠷᠠᠵᠤ᠂ ᠲᠣᠰ ᠺᠣᠮᠫᠠᠨᠢ ᠤᠤᠭᠤᠬᠤ ᠤᠰᠤᠨ ᠤ ᠠᠮᠤᠷ ᠲᠦᠪᠰᠢᠨ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠦᠷᠢᠶᠡᠨ ᠳᠤ ᠣᠯᠠᠨ ᠵᠦᠢᠯ ᠤᠨ ᠲᠤᠰᠬᠠᠶ ᠠᠰᠢᠭ ᠤᠨ ᠦᠷ᠎ᠡ ᠪᠦᠲᠦᠭᠡᠯ ᠤᠯᠪᠠ᠃ ᠣᠳᠣᠬᠠᠨ ᠳᠤ ᠺᠣᠮᠫᠠᠨᠢ ᠨᠢᠭᠡᠨᠲᠡ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠵᠢᠯ ᠤᠨ ᠤᠰᠤ ᠰᠢᠢᠳᠪᠦᠷᠢᠯᠡᠬᠦ ᠲᠥᠬᠦᠭᠡᠷᠦᠮᠵᠢ 3000 ᠢᠵᠢ ᠦᠢᠯᠡᠳᠪᠦᠷᠢᠯᠡᠬᠦ ᠴᠢᠳᠠᠪᠤᠷᠢ ᠲᠠᠢ ᠪᠣᠯᠪᠠ᠃ ᠪᠢᠳᠡ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠲᠤᠬᠠᠶ ᠶᠢᠨ ᠭᠠᠵᠠᠷ ᠤᠨ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠳᠤ ᠲᠤᠯᠭᠠᠭᠤᠷᠢᠯᠠᠯ ᠬᠠᠩᠭᠠᠨ᠎ᠠ ᠬᠡᠵᠤ ᠥᠪᠥᠷ ᠮᠣᠩᠭᠤᠯ ᠤᠨ ᠬᠤᠣ ᠲᠠᠢ ᠪᠦᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠯᠢ ᠴᠢᠤᠸᠠᠨ ᠪᠤᠣ ᠢᠯᠡᠳᠬᠡᠪᠠ᠃    ᠣᠶᠢᠯᠠᠭᠠᠭᠰᠠᠨ ᠢᠶᠠᠷ᠂ ᠡᠨᠡ ᠵᠢᠯ ᠠᠪᠠᠭ᠎ᠠ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠤᠰᠤᠨ ᠰᠤᠷᠪᠤᠯᠵᠢ ᠶᠢᠨ ᠬᠤᠳᠳᠤᠭ 134᠂ 20 ᠲᠣᠨ ᠤᠰᠤ ᠬᠠᠳᠠᠭᠠᠯᠠᠬᠤ ᠵᠣᠭᠤᠷᠢ 84 ᠪᠠᠶᠢᠭᠤᠯᠵᠤ᠂ 1394 ᠬᠥᠮᠦᠨ᠂ 19.12 ᠲᠦᠮᠡᠨ ᠮᠠᠯ ᠤᠨ ᠤᠰᠤ ᠣᠮᠳᠠ ᠶᠢᠨ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ᠂ ᠲᠥᠪᠯᠡᠷᠡᠭᠦᠯᠦᠨ ᠤᠰᠤ ᠬᠠᠩᠭᠠᠬᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠢᠵᠦ᠂ ᠨᠠᠷᠠᠨᠪᠤᠯᠠᠭ ᠰᠤᠮᠤ᠂ ᠵᠢᠷᠭᠠᠯᠠᠩᠲᠤ ᠰᠤᠮᠤ᠂ ᠪᠠᠶᠠᠨᠲᠤᠭ ᠰᠤᠮᠤ ᠶᠢᠨ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号