ᠠᠪᠠᠭ᠎ᠠ ᠬᠤᠰᠢᠭᠤ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠠᠶᠠᠷᠯᠠᠨ ᠪᠡᠯᠭᠡᠯᠡᠬᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/5
   ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 29 ᠤ ᠡᠳᠦᠷ᠂ ᠠᠪᠠᠭ᠎ᠠ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ᠂ ᠠᠪᠠᠭ᠎ᠠ ᠬᠤᠰᠢᠭᠤᠨ ᠤ  ︽ᠮᠠᠯᠴᠢᠳ ᠤᠨ ᠳᠤᠷᠠᠰᠤᠮᠵᠢ︾  ᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠡᠭᠦᠷ ᠲᠠᠢ ᠬᠠᠮᠲᠤᠷᠠᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠠᠶᠠᠷᠯᠠᠨ ᠪᠡᠯᠭᠡᠯᠡᠬᠦ ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠵᠦ᠂ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠬᠠᠮᠲᠤ ᠪᠠᠷ ᠬᠦᠦᠷᠨᠢᠬᠦᠢ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠠᠬᠤᠢ ᠲᠠᠯᠠᠪᠠᠢ  ᠶᠢᠨ ᠠᠭᠤᠷ ᠠᠮᠢᠰᠬᠤᠯ ᠲᠥᠪ ᠬᠢᠴᠢᠶᠡᠩᠭᠦᠢ ᠮᠦᠷᠳᠡᠭᠡᠨ ᠬᠠᠯᠠᠭᠤᠨ ᠦᠷᠨᠢᠯ ᠲᠠᠢ ᠪᠠᠶᠢᠯ᠎ᠠ᠃  ᠮᠠᠨ ᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠵᠢᠴᠢ ︽ ᠮᠠᠯᠴᠢᠳ ᠤᠨ ᠲᠤᠷᠠᠰᠤᠮᠵᠢ︾ ᠰᠦᠨ ᠤ ᠦᠢᠯᠡᠰ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠶᠢᠨ ᠨᠠᠮ ᠤᠨ ᠭᠡᠰᠢᠬᠦᠨ ᠲᠦᠯᠦᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ︽ᠪᠦᠯᠬᠦᠮᠳᠡᠯ ᠪᠣᠯ ᠳᠠᠷᠤᠢ ᠬᠦᠴᠦᠨ ᠮᠥᠨ︾ ᠭᠡᠬᠦ ᠳᠠᠭᠤᠤ ᠶᠢ ᠬᠠᠮᠲᠤ ᠪᠠᠷ ᠬᠠᠩᠬᠢᠨᠠᠳᠠᠯ᠎ᠠ ᠳᠠᠭᠤᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠡᠷᠬᠢᠴᠡᠬᠦᠯᠦᠨ ᠤᠩᠰᠢᠵᠤ᠂ ᠠᠷᠠᠳ ᠤᠨ ᠴᠡᠷᠢᠭ ᠠᠩᠭᠢ ᠶᠢᠨ ᠬᠡᠷᠡᠯ ᠰᠠᠴᠤᠷᠠᠩᠭᠤᠶ ᠲᠡᠤᠬᠡ ᠶᠢ ᠬᠠᠮᠲᠤ ᠪᠠᠷ ᠡᠷᠭᠢᠴᠡᠭᠦᠯᠵᠦ᠂ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠦᠷᠭᠡᠨ ᠢᠶᠠᠷ ᠲᠡᠯᠭᠡᠯ᠎ᠡ᠃    ᠠᠵᠢᠯᠯᠠᠭ᠎ᠠ ᠶᠢᠨ ᠳᠤᠮᠳᠠ᠂ ᠬᠤᠷᠠᠨ ᠴᠤᠭᠯᠠᠷᠠᠭᠰᠠᠨ ᠨᠠᠮ ᠤᠨ ᠭᠡᠰᠢᠭᠦᠨ ᠬᠤᠶᠠᠷ ᠢ ᠬᠦᠷᠢᠶᠡᠯᠡᠬᠦ ᠴᠡᠴᠡᠷᠯᠢᠭ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠬᠠᠷ᠎ᠠ ᠮᠤᠷᠢᠲᠤ ᠰᠤᠮᠤ ᠶᠢᠨ ᠢᠷᠠᠭᠤ ᠠᠯᠳᠠᠷ ᠤᠨ ᠲᠠᠰᠤᠭ ᠢ ᠬᠠᠮᠲᠤ ᠪᠠᠷ ᠲᠣᠭᠤᠷᠢᠨ ᠦᠵᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢᠨ ᠲᠠᠶᠢᠯᠤᠮᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ᠢ ᠰᠤᠷᠤᠯᠴᠠᠵᠤ᠂ ᠪᠠᠶᠢᠳᠠᠯ ᠢ ᠲᠤᠰᠬᠠᠬᠤ ᠬᠡᠯᠪᠡᠷᠢ ᠶᠢᠨ ᠳᠠᠶᠢᠨ ᠤ ᠪᠡᠯᠡᠳᠬᠡᠯ ᠤᠨ ᠮᠠᠲ᠋ᠧᠷᠢᠶᠠᠯ ᠤᠨ ᠹᠢᠯᠢᠮ ᠢ ᠰᠣᠨᠢᠷᠬᠠᠪᠠ᠃    ᠠᠵᠢᠯᠯᠠᠭ᠎ᠠ ᠶᠢᠨ ᠡᠴᠦᠰ ᠲᠤ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠳᠤᠷᠢᠳᠤᠯᠭ᠎ᠠ ᠪᠣᠯᠤᠨ  ︽ᠮᠠᠯᠴᠢᠳ ᠤᠨ ᠳᠤᠷᠠᠰᠤᠮᠵᠢ  ︾ ᠰᠦᠨ ᠤ ᠦᠢᠯᠡᠰ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠶᠢᠨ ᠬᠠᠷᠢᠭᠤᠴᠠᠯᠭᠠᠲᠠᠨ ᠬᠠᠮᠲᠤ ᠪᠠᠷ ᠵᠡᠪᠰᠡᠭᠲᠦ ᠬᠦᠴᠦᠨ ᠤ ᠬᠡᠯᠲᠡᠰ ᠤᠨ ᠬᠦᠴᠢᠷᠳᠡᠯᠲᠡᠶ ᠨᠠᠮ ᠤᠨ ᠭᠡᠰᠢᠭᠦᠨ ᠢ ᠲᠣᠬᠤᠨᠢᠭᠤᠯᠵᠤ᠂ ᠠᠷᠠᠳ ᠤᠨ ᠴᠡᠷᠢᠭ ᠢᠶᠠᠨ ᠭᠡᠰᠡᠨ ᠠᠷᠢᠭᠤᠨ ᠲᠠᠷᠬᠠᠨ ᠬᠠᠶᠢᠷ᠎ᠠ ᠰᠡᠳᠬᠢᠯᠭᠡ ᠪᠠᠨ ᠢᠯᠡᠳᠬᠡᠪᠡ᠃    ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠴᠡᠷᠢᠭ ᠠᠷᠠᠳ ᠤᠨ ᠨᠥᠬᠦᠷᠯᠡᠯ ᠢ ᠵᠤᠵᠠᠭᠠᠳᠬᠠᠵᠦ᠂ ᠴᠡᠷᠢᠭ ᠠᠩᠭᠢ ᠪᠠ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠪᠠ᠃ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ  ᠢᠯᠡᠷᠭᠡᠶᠢᠯᠡᠵᠡᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号