ᠠᠪᠠᠭ᠎ᠠ ᠬᠤᠰᠢᠭᠤ 2024 ᠤᠨ ᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠤᠲᠤᠨᠤ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠬᠡᠬᠦ ᠠᠭᠤᠳᠠᠮ ᠲᠠᠯᠠᠪᠠᠶ ᠶᠢᠨ ᠤᠷᠠᠨ ᠰᠠᠶᠢᠬᠠᠨ ᠤ  ᠲᠣᠭᠯᠠᠯᠲᠠ ᠵᠢᠴᠢ ︽8.1︾ ᠤ ᠴᠡᠷᠢᠭ ᠴᠠᠭᠳᠠᠭ᠎ᠠ ᠠᠷᠠᠳ ᠤᠨ ᠠᠭᠤᠳᠠᠮ ᠲᠠᠯᠠᠪᠠᠶ ᠶᠢᠨ ᠤᠷᠠᠨ ᠰᠠᠶᠢᠬᠠᠨ ᠤ ᠦᠳᠡᠰᠢᠯᠡᠭᠡ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/8/6
   8 ᠰᠠᠷ᠎ᠠ ᠶᠢᠨ 1 ᠤ ᠣᠷᠣᠢ᠂ ᠠᠪᠠᠭ᠎ᠠ ᠬᠤᠰᠢᠭᠤᠨ ᠤ ᠠᠭᠤᠳᠠᠮ ᠲᠠᠯᠠᠪᠠᠢ ᠳᠤ ᠳ᠋ᠧᠩ ᠤᠨ ᠭᠡᠷᠡᠯ ᠭᠢᠯᠠᠯᠵᠠᠵᠤ᠂ ᠬᠦᠷ ᠬᠥᠭᠵᠢᠶᠡᠨ ᠪᠢᠯᠬᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠠᠭᠤᠳᠠᠮ ᠲᠠᠯᠠᠪᠠᠢ ᠶᠢᠨ ᠤᠷᠠᠨ ᠰᠠᠶᠢᠬᠠᠨ ᠤ ᠲᠣᠭᠯᠠᠯᠲᠠ ᠵᠢᠴᠢ ︽8 · 1︾ ᠢ ᠤᠭᠲᠤᠬᠤ ᠴᠡᠷᠢᠭ ᠴᠠᠭᠳᠠᠭ᠎ᠠ ᠠᠷᠠᠳ ᠤᠨ ᠠᠭᠤᠳᠠᠮ ᠲᠠᠯᠠᠪᠠᠢ ᠶᠢᠨ ᠤᠷᠠᠨ ᠰᠠᠶᠢᠬᠠᠨ ᠤ ᠦᠳᠡᠰᠢᠯᠡᠭᠡ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠬᠠᠮᠲᠤ ᠪᠠᠷ ᠪᠢᠴᠢᠭᠯᠡᠵᠦ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠲᠤ ᠪᠡᠯᠡᠭ ᠬᠦᠷᠭᠡᠬᠦ ᠶᠢᠨ ᠲᠥᠯᠥᠭᠡ ᠶᠤᠮ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠤᠸᠠᠨ ᠬᠠᠶ ᠴᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ ᠲᠤᠬᠠᠶ ᠶᠢᠨ ᠲᠠᠯᠠᠪᠤᠷ ᠲᠤ ᠬᠦᠷᠴᠦ ᠲᠣᠭᠯᠠᠯᠲᠠ ᠶᠢ ᠰᠣᠨᠢᠷᠬᠠᠪᠠ᠃    ᠦᠳᠡᠰᠢᠯᠡᠭᠡ ᠶᠢᠨ ᠪᠠᠶᠠᠷ ᠪᠠᠶᠠᠰᠬᠤᠯᠠᠩᠲᠤ ᠠᠶᠠᠯᠭᠤ ᠲᠠᠭᠤᠤ ᠭᠱᠠᠨ ᠵᠠᠭᠤᠷ᠎ᠠ ᠠᠬᠤᠶ ᠲᠠᠯᠠᠪᠠᠶ ᠶᠢᠨ ᠦᠵᠡᠭᠴᠢᠳ ᠤᠨ ᠬᠠᠷᠠᠭ᠎ᠠ ᠶᠢ ᠪᠠᠶᠠᠰᠬᠠᠵᠤ᠂ ᠠᠪᠠᠭ᠎ᠠ ᠬᠤᠰᠢᠭᠤᠨ ᠤ ᠴᠡᠷᠢᠭ ᠴᠠᠭᠳᠠᠭ᠎ᠠ ᠠᠷᠠᠳ ᠤᠨ ᠤᠷᠠᠨ ᠰᠠᠶᠢᠬᠠᠨ ᠤ ᠪᠦᠯᠬᠦᠮ ᠪᠣᠯᠤᠨ ᠲᠣᠭᠯᠠᠭᠴᠢᠳ ᠢᠷᠠᠭᠤ ᠰᠠᠶᠢᠬᠠᠨ ᠳᠠᠭᠤᠤ ᠬᠥᠭᠵᠢᠮ᠂ ᠤᠶᠠᠨ ᠬᠠᠳᠠᠨ ᠪᠥᠵᠢᠭ᠂ ᠱᠤᠭ ᠵᠦᠴᠦᠭᠡ ᠵᠡᠷᠭᠡ ᠣᠯᠠᠨ ᠬᠡᠯᠪᠡᠷᠢ ᠶᠢᠨ ᠲᠣᠭᠯᠠᠯᠲᠠ ᠪᠠᠷ ᠠᠪᠠᠭ᠎ᠠ ᠬᠤᠰᠢᠭᠤᠨ ᠤ ᠡᠯ᠎ᠡ ᠦᠨᠳᠦᠰᠦᠲᠡᠨ ᠤ ᠠᠬ᠎ᠠ ᠳᠡᠭᠦᠦ ᠨᠡᠷ ᠤᠨ ᠪᠦᠯᠬᠦᠮᠳᠡᠨ ᠨᠢᠭᠡᠳᠴᠦ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠵᠣᠷᠢᠭ ᠰᠠᠨᠠᠭ᠎ᠠ ᠶᠢ ᠬᠠᠷᠠᠭᠤᠯᠵᠤ᠂ ᠴᠡᠷᠢᠭ ᠴᠠᠭᠳᠠᠭ᠎ᠠ ᠨᠡᠷ ᠲᠤ ᠡᠷᠬᠢᠮ ᠳᠡᠭᠡᠳᠦ ᠬᠦᠨᠳᠦᠳᠬᠡᠯ ᠪᠠ ᠭᠦᠨ ᠵᠥᠩᠨᠡᠯ ᠳᠡᠪᠰᠢᠭᠦᠯᠪᠡ᠃    ᠡᠭᠦᠨ ᠳᠤ᠂ ᠬᠤᠰᠢᠭᠤ ᠤᠯᠠᠭᠠᠨᠮᠥ᠋ᠴᠢᠷ ᠤᠨ ᠦᠨᠳᠦᠰᠦᠲᠡᠨ ᠤ ᠣᠨᠴᠠᠯᠢᠭ ᠲᠠᠢ ᠪᠥᠵᠢᠭ ︽ᠤᠷᠠᠨ ᠳᠠᠷᠬᠠᠨ︾ ᠨᠢ ᠭᠤᠶᠢᠳᠠ ᠰᠠᠶᠢᠬᠠᠨ ᠬᠤᠪᠴᠠᠰᠤ ᠵᠠᠰᠠᠯ ᠪᠠ ᠥᠪᠡᠷᠮᠢᠴᠡ ᠪᠥᠵᠢᠭ ᠢᠶᠠᠷ ᠦᠵᠡᠭᠴᠢᠳ ᠲᠤ ᠮᠣᠩᠭᠤᠯ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠤ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠡᠮᠡᠭᠲᠡᠶ ᠶᠢᠨ ᠨᠠᠶᠢᠷᠠᠯ ᠳᠠᠭᠤᠤ ︽ᠣᠳᠣᠨ ᠭᠠᠷᠠᠭ︾ ᠤᠨ ᠳᠠᠭᠤᠤ ᠨᠢ ᠨᠤᠲᠤᠭ ᠤᠰᠤ ᠪᠠᠨ ᠬᠠᠶᠢᠷᠠᠯᠠᠬᠤ ᠪᠠ ᠡᠬᠡ ᠤᠯᠤᠰ ᠢᠶᠠᠨ ᠮᠠᠭᠲᠠᠨ ᠳᠠᠭᠤᠯᠠᠪᠠ᠃    ᠡᠨᠡᠬᠦ ᠣᠨᠴᠠᠭᠠᠢ ᠥᠳᠡᠰᠢ᠂ ᠠᠪᠠᠭ᠎ᠠ ᠬᠤᠰᠢᠭᠤᠨ ᠤ ᠴᠡᠷᠢᠭ ᠠᠷᠠᠳ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠲᠡᠨ ᠤ ᠪᠦᠯᠬᠦᠮᠳᠡᠯ ᠤᠨ ᠬᠦᠴᠦᠨ ᠪᠣᠯᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠠᠮᠲᠤ ᠪᠠᠷ ᠮᠡᠳᠡᠷᠡᠵᠦ᠂  ᠦᠳᠡᠰᠢᠯᠡᠭᠡ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠴᠡᠷᠢᠭ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠨᠡᠮᠡᠭᠳᠡᠭᠦᠯᠦᠭᠰᠡᠨ ᠪᠥᠭᠡᠳ ᠪᠥᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃    ᠢᠷᠡᠭᠡᠳᠦᠶ ᠳᠤ᠂ ᠠᠪᠠᠭ᠎ᠠ ᠬᠤᠰᠢᠭᠤ ᠦᠷᠭᠦᠯᠵᠢᠯᠡᠨ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠲᠠᠰᠤᠷᠠᠯᠲᠠ ᠥᠬᠡᠶ ᠴᠢᠩᠭᠠᠳᠬᠠᠨ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号