ᠶᠡᠬᠡᠭᠤᠣᠯ ᠰᠤᠮᠤᠨ ᠤ ᠪᠤᠯᠠᠭᠠᠠᠤᠪᠤᠭ᠎ᠠ ᠭᠠᠴᠠᠭᠠᠨ ᠤ ᠴᠡᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠠᠰᠢᠭᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2024/9/11
   9 ᠰᠠᠷ᠎ᠠ ᠶᠢᠨ 3 ᠤ ᠡᠳᠦᠷ᠂ ᠠᠪᠠᠭ᠎ᠠ ᠬᠤᠰᠢᠭᠤᠨ ᠤ ᠶᠡᠬᠡᠭᠤᠤᠯ ᠰᠤᠮᠤᠨ ᠤ ᠪᠤᠯᠠᠭᠠᠠᠤᠪᠤᠭ᠎ᠠ ᠭᠠᠴᠠᠭᠠᠨ ᠤ ᠴᠡᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠵᠢᠩᠬᠢᠨᠢ ᠪᠠᠷ ᠠᠰᠢᠭᠯᠠᠯᠳᠠ ᠳᠤ ᠤᠷᠤᠪᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠣᠣ ᠽᠢ ᠨᠠᠨ ᠰᠠᠭᠤᠷᠢᠨ ᠭᠠᠵᠠᠷ ᠤᠨ ᠡᠬᠢᠯᠡᠯᠳᠡ ᠶᠢᠨ ᠶᠣᠰᠣᠯᠠᠯ ᠳᠤ ᠣᠷᠣᠯᠴᠠᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠮᠠ ᠪᠦᠦ ᠯᠢᠨ ᠪᠠᠶᠠᠷ ᠤᠨ ᠦᠭᠡ ᠬᠡᠯᠡᠪᠡ᠃ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠲᠣᠪᠴᠢᠶ᠎ᠠ᠂ ᠶᠡᠬᠡᠭᠤᠤᠯ ᠰᠤᠮᠤᠨ ᠤ ᠵᠠᠰᠠᠭ ᠤᠨ ᠣᠷᠳᠤᠨ  ᠤ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠣᠷᠣᠯᠴᠠᠵᠠᠶ᠃    ᠮᠠ ᠪᠦᠦ ᠯᠢᠨ ᠶᠠᠷᠢᠶᠠᠨ ᠳᠤ ᠪᠠᠨ᠂ ᠴᠡᠭᠡ ᠨᠢ ᠠᠪᠠᠭ᠎ᠠ ᠬᠤᠰᠢᠭᠤᠨ ᠤ ᠤᠨᠴᠠᠯᠢᠬᠳᠦ ᠡᠬᠢ ᠪᠠᠶᠠᠯᠢᠭ ᠪᠣᠯᠤᠭᠰᠠᠨ ᠤ ᠬᠤᠪᠢ ᠳᠤ᠂ ᠡᠯᠪᠡᠭ ᠳᠡᠯᠪᠡᠭ ᠰᠢᠮ᠎ᠡ ᠲᠡᠵᠢᠭᠡᠯ ᠤᠨ ᠦᠨ᠎ᠡ ᠥᠷᠲᠡᠭ ᠪᠠ ᠥᠪᠡᠷᠮᠢᠴᠡ ᠡᠮ ᠡᠮᠨᠡᠯᠭᠡ ᠡᠷᠡᠬᠦᠯᠵᠢᠯ ᠤᠨ ᠦᠢᠯᠡᠳᠦᠯ ᠲᠠᠢ᠃ ᠪᠤᠯᠠᠭᠠᠠᠤᠪᠤᠭ᠎ᠠ ᠭᠠᠴᠠᠭᠠᠨ ᠤ ᠴᠡᠭᠡ ᠶᠢᠨ ᠠᠵᠤ ᠦᠢᠯᠡᠰ ᠤᠨ ᠰᠠᠭᠤᠷᠢᠨ ᠭᠠᠵᠠᠷ  ᠢ ᠪᠠᠶᠢᠭᠤᠯᠤᠭᠰᠠᠨ ᠨᠢ ᠤᠷᠤᠨ ᠨᠤᠳᠤᠭ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ᠂ ᠪᠠᠷᠢᠮᠵᠢᠶᠠᠵᠢᠭᠰᠠᠨ ᠦᠢᠯᠡᠳᠪᠦᠷᠢᠯᠡᠯ ᠪᠤᠯᠤᠨ ᠨᠡᠷᠡᠳᠦ ᠲᠡᠮᠳᠡᠭᠵᠢᠭᠰᠡᠨ ᠡᠵᠡᠩᠨᠡᠯᠳᠡ ᠪᠤᠷᠤᠯᠠᠭᠤᠯᠭ᠎ᠠ ᠪᠠᠷ ᠲᠠᠮᠵᠢᠭᠤᠯᠤᠨ᠂ ᠴᠡᠭᠡ ᠶᠢᠨ ᠰᠢᠯᠢᠳᠡᠭ ᠪᠦᠳᠦᠭᠡᠭᠳᠡᠬᠦᠨ ᠢ ᠨᠡᠩ ᠦᠷᠭᠡᠨ ᠵᠠᠬ᠎ᠠ ᠲᠡᠯᠭᠡᠬᠦᠷ ᠲᠤ ᠭᠠᠷᠭᠠᠬᠤ ᠪᠠᠷ ᠵᠤᠷᠢᠯᠭ᠎ᠠ ᠪᠠᠨ ᠪᠤᠯᠭᠠᠭᠰᠠᠨ ᠶᠤᠮ᠃ ᠬᠤᠶᠢᠰᠢᠳᠡ ᠶᠢᠨ ᠬᠦᠭᠵᠢᠯᠳᠡ ᠲᠤᠮᠳᠠ᠂ ᠠᠪᠠᠭ᠎ᠠ ᠬᠤᠰᠢᠭᠤ ᠨᠢ ᠡᠬᠢ ᠪᠠᠶᠠᠯᠢᠭ ᠤᠨ ᠲᠠᠪᠠᠭᠤᠯᠢᠭ  ᠪᠤᠯᠤᠨ ᠠᠵᠤ ᠦᠢᠯᠡᠰ ᠤᠨ ᠰᠠᠭᠤᠷᠢ ᠳᠤ ᠳᠦᠰᠢᠭᠯᠡᠵᠦ᠂ ᠪᠦᠳᠦᠭᠡᠭᠳᠡᠬᠦᠨ ᠤ ᠶᠠᠰᠤ ᠴᠢᠨᠠᠷ  ᠢ ᠳᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠷᠦᠯ ᠵᠦᠢᠯ  ᠢ  ᠨᠢ ᠪᠠᠶᠠᠯᠢᠭᠵᠢᠭᠤᠯᠤᠨ᠂ ᠠᠳᠠᠯᠢ ᠪᠤᠰᠤ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠠᠭ᠎ᠠ ᠶᠢ ᠬᠠᠩᠭᠠᠵᠤ᠂ ︽ᠳᠤᠮᠳᠠᠳᠤ ᠤᠯᠤᠰ ᠤᠨ ᠴᠡᠭᠡ ᠶᠢᠨ ᠨᠤᠲᠤᠭ︾ ᠤᠨ ᠨᠠᠷᠠᠲᠤ ᠲᠡᠮᠳᠡᠭᠲᠦ ᠶᠢᠨ ᠤᠬᠠᠮᠰᠠᠷ ᠢᠶᠠᠨ ᠴᠢᠩᠭᠠᠳᠬᠠᠵᠤ᠂ ᠴᠡᠭᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠪᠦᠲᠦᠮᠵᠢᠲᠡᠶ ᠨᠡᠮᠡᠭᠳᠡᠭᠦᠯᠬᠦ  ᠶᠢ ᠬᠦᠰᠡᠵᠦ ᠪᠠᠶᠢᠨ᠎ᠠ ᠭᠡᠪᠡ᠃    ᠣᠶᠢᠯᠭᠠᠭᠰᠠᠨ ᠢᠶᠠᠷ᠂ ᠪᠤᠯᠠᠭᠠᠠᠤᠪᠤᠭ᠎ᠠ ᠭᠠᠴᠠᠭᠠᠨ ᠤ ᠴᠡᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠶᠡᠷᠦᠩᠭᠡᠢ ᠲᠠᠯᠠᠪᠠᠶ ᠨᠢ 4300 ᠬᠠᠪᠳᠠᠭᠠᠢ ᠳᠥᠷᠪᠡᠯᠵᠢᠨ ᠮᠧᠲᠷ ᠪᠠᠶᠢᠵᠤ᠂ ᠪᠠᠷᠢᠮᠵᠢᠶᠠᠵᠢᠭᠰᠠᠨ ᠭᠡᠭᠦᠦ ᠰᠠᠭᠠᠬᠤ ᠫᠧᠩ᠂ ᠠᠷᠢᠭᠤᠳᠬᠠᠬᠤ ᠲᠠᠰᠤᠭ᠂ ᠮᠠᠯ ᠡᠮᠨᠡᠯᠭᠡ ᠶᠢᠨ ᠲᠠᠰᠤᠭ᠂ ᠬᠥᠯᠳᠡᠭᠡᠨ ᠬᠠᠳᠠᠭᠠᠯᠠᠬᠤ ᠲᠠᠰᠤᠭ᠂ ᠤᠩᠭᠤᠴᠠ ᠵᠡᠷᠭᠡ ᠶᠢ ᠢᠵᠢ ᠪᠥᠷᠢᠳᠦᠭᠦᠯᠦᠨ ᠪᠠᠶᠢᠭᠤᠯᠤᠭᠰᠠᠨ ᠪᠥᠭᠡᠳ ᠪᠤᠷᠳᠤᠭ᠎ᠠ ᠰᠠᠴᠤᠬᠤ ᠮᠠᠰᠢᠨ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠮᠠᠰᠢᠨ᠂ ᠪᠠᠷᠠᠭ᠎ᠠ ᠲᠡᠭᠡᠭᠡᠬᠦ ᠮᠠᠰᠢᠨ᠂ ᠬᠤᠮᠣᠯ ᠴᠡᠪᠡᠷᠯᠡᠬᠦ ᠮᠠᠰᠢᠨ ᠵᠡᠷᠭᠡ ᠶᠢ ᠪᠦᠷᠢᠨ ᠳᠤᠬᠢᠷᠠᠭᠤᠯᠵᠡᠢ᠃ ᠡᠶᠢᠨᠬᠦ ᠲᠡᠷᠢᠬᠦᠨ ᠤ ᠦᠢᠯᠡᠳᠪᠤᠷᠢᠯᠡᠯ ᠤᠨ ᠲᠦᠬᠦᠭᠡᠷᠦᠮᠵᠢ ᠪᠠ ᠮᠡᠷᠭᠡᠵᠢᠯ ᠢ ᠤᠷᠢᠨ  ᠤᠷᠤᠭᠤᠯᠵᠦ᠂ ᠦᠢᠯᠡᠳᠪᠤᠷᠢᠯᠡᠯ ᠤᠨ ᠭᠤᠭᠴᠤᠭ᠎ᠠ ᠪᠦᠷᠢ ᠶᠢ ᠴᠢᠩᠭ᠎ᠠ ᠠᠳᠬᠤᠨ᠂ ᠴᠡᠭᠡ ᠶᠢᠨ ᠶᠠᠰᠤ ᠴᠢᠨᠠᠷ ᠪᠠ ᠠᠮᠤᠷ ᠲᠦᠪᠰᠢᠨ ᠳᠤ ᠪᠠᠳᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号