ᠰᠤᠷᠭᠠᠨ ᠬᠥᠮᠦᠵᠢᠯ ᠤᠨ ᠦᠢᠯᠡᠰ ᠲᠤ ᠦᠨᠡᠨᠴᠢ ᠰᠢᠳᠤᠷᠭᠤ ᠪᠠᠷ ᠬᠠᠨᠳᠤᠵᠦ᠂ ᠵᠣᠷᠢᠭᠲᠠᠢ ᠪᠠᠷ ᠰᠢᠨ᠎ᠡ ᠶᠢ | ᠡᠭᠦᠳᠬᠦ᠂ ᠭᠤᠶᠠᠴᠢ ᠦᠭᠡᠢ ᠵᠢᠳᠬᠦᠬᠦ ᠡᠷᠬᠢᠮ ᠳᠡᠭᠡᠳᠦ ᠪᠠᠭᠰᠢ ᠶᠢᠨ ᠶᠤᠰᠤ ᠰᠤᠷᠳᠠᠬᠤᠨ ᠢ ᠬᠠᠷᠠᠭᠤᠯᠵᠦ ᠶᠠᠪᠤᠭ᠎ᠠ | ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠶᠢᠨ · ᠤᠶᠤᠨᠲᠠᠨ᠎ᠠ ᠤᠯᠠᠨ ᠳᠤ ᠪᠠᠨ | ᠬᠦᠨᠳᠦᠳᠬᠡᠯᠳᠠᠢ᠃ | ᠶᠢᠨ · ᠤᠶᠤᠨᠲᠠᠨ᠎ᠠ ᠪᠠᠭᠰᠢ ᠪᠣᠯ ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠲᠣᠭᠠᠨ ᠤ ᠤᠬᠠᠭᠠᠨ ᠤ ᠪᠠᠭᠰᠢ ᠪᠢᠯᠡ᠃ ᠲᠡᠷᠡ ᠬᠢᠴᠢᠶᠡᠯ ᠤᠨ ᠲᠠᠪᠴᠠᠩ ᠳᠤ ᠠᠯᠬᠤᠨ ᠭᠠᠷᠤᠭᠰᠠᠨ ᠠᠴᠠ ᠣᠲᠣ | ᠪᠣᠯᠲᠠᠯ᠎ᠠ ᠨᠢᠭᠡᠨᠲᠡ ᠭᠤᠴᠢᠨ ᠵᠢᠯ ᠤᠨ ᠨᠢᠭᠤᠷ ᠢ ᠦᠵᠡᠵᠦ᠂ ᠴᠠᠭ ᠮᠦᠴᠡ᠂ ᠤᠶᠤᠨ ᠴᠢᠳᠠᠯ ᠢᠶᠠᠨ ᠰᠤᠷᠭᠠᠨ | ᠬᠥᠮᠦᠵᠢᠯ ᠤᠨ ᠦᠢᠯᠡᠰ ᠲᠤ ᠬᠠᠷᠠᠮ ᠦᠭᠡᠢ ᠵᠣᠷᠢᠭᠤᠯᠵᠤ᠂ ᠡᠷᠡᠰ ᠬᠠᠳᠠᠨ ᠢᠲᠡᠭᠡᠯ ᠵᠣᠷᠢᠭ ᠪᠠ ᠬᠡᠬᠦᠳᠡᠭ | ᠳᠦᠭᠦᠷᠡᠩ ᠬᠠᠯᠠᠭᠤᠨ ᠰᠡᠳᠬᠢᠯᠭᠡ ᠪᠠᠷ ᠠᠷᠠᠳ ᠤᠨ ᠪᠠᠭᠰᠢ ᠶᠢᠨ ᠡᠷᠬᠢᠮ ᠠᠯᠳᠠᠷ ᠢ ᠲᠠᠭᠤᠷᠢᠰᠤᠭᠤᠯᠵᠦ ᠶᠠᠪᠤᠨ᠎ᠠ᠃ | ᠲᠡᠷᠡ ᠥᠪᠡᠷᠮᠢᠴᠡ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ᠂ ᠭᠦᠨ ᠵᠤᠵᠠᠭᠠᠨ ᠪᠠᠭᠰᠢ ᠰᠤᠷᠤᠭᠴᠢᠳ ᠤᠨ | ᠪᠠᠷᠢᠯᠳᠤᠯᠭ᠎ᠠ ᠪᠠᠷ ᠰᠤᠷᠤᠭᠴᠢ ᠪᠣᠯᠤᠨ ᠬᠠᠮᠲᠤ ᠠᠵᠢᠯᠳᠠᠳ ᠤᠨ ᠢᠶᠠᠨ ᠮᠠᠭᠲᠠᠭᠠᠯ ᠰᠠᠶᠢᠰᠢᠶᠠᠯ ᠢ ᠤᠯᠵᠡᠢ᠃ | ︽ᠰᠤᠷᠭᠠᠨ ᠬᠥᠮᠦᠵᠢᠯ ᠨᠢ ᠮᠡᠳᠡᠯᠭᠡ ᠶᠢᠨ ᠤᠯᠠᠮᠵᠢᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠰᠡᠳᠬᠢᠬᠦᠶ ᠶᠢᠨ | ᠴᠢᠳᠠᠪᠤᠷᠢ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠦᠵᠢᠭᠦᠯᠬᠦ ᠶᠠᠪᠤᠳᠠᠯ ᠪᠣᠯᠤᠨ᠎ᠠ᠃ ᠰᠤᠷᠤᠭᠴᠢ ᠨᠢᠭᠡᠪᠦᠷᠢ | ᠨᠢ ᠴᠥᠮ ᠴᠤᠷ ᠤᠨ ᠭᠠᠭᠴᠠ ᠦᠷ᠎ᠡ ᠪᠠᠶᠢᠭ᠎ᠠ᠂ ᠪᠠᠭᠰᠢ ᠶᠢᠨ ᠬᠠᠷᠢᠭᠤᠴᠠᠯᠭ᠎ᠠ ᠪᠣᠯ ᠳᠠᠷᠤᠢ ᠥᠩ ᠰᠢᠮᠡᠯᠢᠭ | ᠬᠥᠷᠥᠰᠥ ᠰᠢᠷᠣᠢ ᠪᠠ ᠡᠶᠡᠷᠪᠡᠬᠦᠦ ᠲᠤᠯᠠᠭᠠᠨ ᠨᠡᠷᠡᠨ ᠤ ᠭᠡᠷᠡᠯ ᠢ ᠬᠠᠩᠭᠠᠵᠤ᠂ ᠲᠡᠳᠡᠨ ᠤ ᠢᠳᠡᠷᠡᠭᠦᠨ ᠪᠤᠶᠢᠵᠢᠯᠳᠡ | ᠳᠤ ᠲᠤᠰᠠᠯᠠᠬᠤ ᠪᠤᠯᠤᠨ᠎ᠠ᠃ ᠰᠤᠷᠤᠭᠴᠢ ᠨᠢᠭᠡᠪᠦᠷᠢ ᠶᠢᠨ ᠳᠠᠪᠠᠭᠤᠯᠢᠭ ᠲᠠᠯ᠎ᠠ ᠶᠢ ᠢᠯᠡᠷᠡᠬᠦᠯᠵᠦ᠂ ᠵᠣᠷᠢᠭᠵᠢᠭᠤᠯᠬᠤ | ᠮᠠᠶ᠋ᠢᠭ ᠤᠨ ᠰᠤᠷᠭᠠᠨ ᠬᠥᠮᠦᠵᠢᠯ ᠨᠢ ᠳᠠᠷᠤᠯᠲᠠ ᠦᠵᠡᠭᠦᠯᠬᠦ ᠮᠠᠶ᠋ᠢᠭ ᠤᠨ ᠰᠤᠷᠭᠠᠨ ᠬᠥᠮᠦᠵᠢᠯ ᠠᠴᠠ ᠦᠷ᠎ᠡ | ᠨᠦᠯᠦᠭᠡ ᠪᠠᠷ ᠬᠤᠯᠠ ᠳᠠᠪᠠᠨ᠎ᠠ︾ ᠭᠡᠵᠦ ᠶᠢᠨ · ᠤᠶᠤᠨᠲᠠᠨ᠎ᠠ ᠪᠠᠭᠰᠢ ᠲᠡᠭᠦᠨ ᠤ ᠦᠪᠡᠷᠮᠢᠴᠡ ᠰᠤᠷᠭᠠᠨ | ᠬᠥᠮᠦᠵᠢᠯ ᠤᠨ ᠣᠶᠢᠯᠠᠭᠠᠭᠳᠠᠬᠤᠨ ᠢᠶᠠᠨ ᠶᠠᠷᠢᠨ᠎ᠠ᠃ | ᠡᠨᠡᠬᠦ ᠬᠠᠷᠠᠯᠲᠠ ᠳᠤ ᠪᠠᠨ ᠬᠦᠷᠬᠦ ᠶᠢᠨ ᠲᠥᠯᠥᠭᠡ᠂ ᠶᠢᠨ · ᠤᠶᠤᠨᠲᠠᠨ᠎ᠠ ᠪᠠᠭᠰᠢ ᠵᠢᠭᠠᠨ ᠰᠤᠷᠭᠠᠯᠲᠠ ᠶᠢᠨ | ᠳᠤᠮᠳᠠ ᠪᠠᠨ ᠵᠣᠷᠢᠭᠲᠠᠢ ᠪᠠᠷ ᠰᠢᠨ᠎ᠡ ᠶᠢ ᠡᠬᠦᠳᠴᠦ ᠪᠠᠶᠢᠳᠠᠭ᠃ ᠲᠡᠷᠡ ᠠᠮᠢᠳᠤᠯᠢᠭ ᠦᠯᠢᠭᠡᠷ ᠵᠢᠱᠢᠶ᠎ᠡ ᠶᠢ | ᠴᠢᠳᠠᠮᠠᠭᠠᠢ ᠬᠡᠷᠡᠭᠯᠡᠵᠦ᠂ ᠬᠡᠶᠢᠰᠪᠦᠷᠢ ᠶᠢ ᠪᠤᠳᠠᠳᠠᠢ ᠪᠠᠷ ᠲᠠᠶᠢᠯᠪᠤᠷᠢᠯᠠᠨ᠂ ᠰᠤᠷᠤᠭᠴᠢᠳ ᠤᠨ ᠰᠤᠷᠤᠯᠴᠠᠬᠤ ᠤᠷᠮ᠎ᠠ | ᠶᠢ ᠲᠠᠳᠠᠵᠦ ᠪᠠᠶᠢᠳᠠᠭ᠃ ᠡᠭᠦᠨ ᠤ ᠬᠠᠮᠲᠤ᠂ ᠲᠡᠷᠡ ᠪᠠᠰᠠ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠡᠳᠬᠢᠬᠦ | ᠴᠢᠳᠠᠪᠤᠷᠢ ᠶᠢ ᠴᠢᠬᠤᠯᠠᠴᠢᠯᠠᠨ ᠬᠥᠮᠦᠵᠢᠭᠦᠯᠵᠦ᠂ ᠲᠡᠳᠡᠨ ᠤ ᠠᠰᠠᠭᠤᠳᠠᠯ ᠳᠤᠷᠠᠳᠴᠤ᠂ ᠠᠰᠠᠭᠤᠳᠠᠯ ᠢ | ᠰᠢᠢᠳᠪᠦᠷᠢᠯᠡᠬᠦ ᠶᠢ ᠵᠤᠷᠢᠭᠵᠢᠭᠤᠯᠳᠠᠭ᠃ | ᠬᠢᠴᠢᠶᠡᠯ ᠤᠨ ᠭᠠᠳᠠᠨ᠎ᠠ᠂ ᠲᠡᠷᠡ ᠰᠤᠷᠤᠭᠴᠢᠳ ᠤᠨ ᠢᠶᠠᠨ ᠲᠤᠳᠤᠨᠤ ᠨᠠᠶᠢᠵᠠ ᠨᠢ ᠪᠤᠯᠵᠦ᠂ ᠰᠤᠷᠤᠭᠴᠢᠳ ᠤᠨ | ᠠᠮᠢᠳᠤᠷᠠᠯ ᠪᠠ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠵᠤ᠂ ᠲᠡᠳᠡᠨ ᠲᠠᠢ ᠦᠷᠭᠦᠯᠵᠢ ᠵᠤᠭᠤᠭᠳᠠᠨ᠂ | ᠦᠰᠦᠨ ᠪᠤᠶᠢᠵᠢᠯᠲᠠ ᠶᠢᠨ ᠳᠤᠮᠳᠠᠬᠢ ᠲᠥᠭᠡᠷᠢᠭᠳᠡᠯ ᠢ ᠨᠢ ᠲᠠᠶᠢᠯᠵᠦ ᠥᠭᠳᠡᠭ᠃ ᠲᠡᠷᠡ᠄ ︽ᠰᠤᠷᠤᠭᠴᠢᠳ ᠨᠠᠳᠠ | ᠳᠤ ᠰᠡᠳᠬᠢᠯ ᠤᠨ ᠦᠭᠡ ᠪᠠᠨ ᠴᠢᠯᠥᠭᠡᠲᠡᠶ ᠲᠡᠯᠭᠡᠳᠡᠭ᠂ ᠡᠭᠦᠨ ᠳᠤᠨᠢ ᠪᠢ ᠮᠠᠰᠢ ᠪᠠᠶᠠᠷᠯᠠᠳᠠᠭ᠂ ᠪᠠᠰᠠ ᠴᠦ ᠮᠢᠨᠦ | ᠬᠠᠷᠢᠭᠤᠴᠠᠯᠭ᠎ᠠ ᠶᠢ ᠨᠡᠩ ᠲᠤᠳᠤᠷᠬᠠᠢ ᠪᠤᠯᠭᠠᠵᠦ ᠦᠭᠳᠡᠭ︾ ᠭᠡᠵᠦ ᠢᠨᠢᠶᠡᠮᠰᠦᠭᠯᠡᠨ ᠶᠠᠷᠢᠨ᠎ᠠ᠃ | ︽ᠣᠯᠠᠨ ᠵᠢᠯ ᠤᠨ ᠲᠤᠷᠰᠢ᠂ ᠬᠡᠤᠬᠡᠳ ᠤᠨ ᠦᠰᠦᠨ ᠪᠤᠶᠢᠵᠢᠯᠲᠠ ᠶᠢ ᠭᠡᠷᠡᠴᠢᠯᠡᠵᠦ᠂ ᠲᠡᠷᠡ ᠬᠦ ᠠᠮᠵᠢᠯᠳᠠ | ᠤᠯᠤᠯᠳᠠ ᠶᠢᠨ ᠲᠦᠷᠦᠭᠳᠡᠯ ᠢ ᠮᠡᠳᠡᠷᠡᠬᠦ ᠨᠢ ᠮᠠᠰᠢ ᠵᠢᠷᠭᠠᠯᠳᠠᠢ ᠰᠠᠨᠠᠭᠳᠠᠳᠠᠭ᠃ ᠪᠠᠭᠰᠢ ᠪᠣᠯᠤᠭᠰᠠᠨ ᠤ ᠬᠤᠪᠢ ᠳᠤ | ᠪᠢᠳᠡ ᠮᠡᠳᠡᠯᠭᠡ ᠤᠯᠠᠮᠵᠢᠯᠠᠬᠤ ᠪᠠᠷ ᠪᠠᠷᠠᠬᠤ ᠦᠭᠡᠢ ᠨᠡᠩ ᠴᠤ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ | ᠰᠤᠷᠤᠭᠴᠢᠳ ᠲᠤ ᠪᠠᠨ ᠬᠥᠮᠦᠨ ᠪᠣᠯᠬᠤ ᠶᠢᠨ ᠶᠤᠰᠤ ᠢ ᠮᠡᠳᠡᠬᠦᠯᠵᠦ᠂ ᠲᠡᠳᠡᠨ ᠳᠤ ᠬᠠᠪᠰᠤᠷᠤᠨ ᠵᠥᠪ ᠦᠷᠳᠡᠭ ᠤᠨ | ᠦᠵᠡᠯᠲᠡ ᠶᠢ ᠪᠤᠢ ᠪᠣᠯᠭᠠᠬᠤ ᠳᠤᠨᠢ ᠬᠠᠪᠰᠤᠷᠳᠠᠭ︾ ᠭᠡᠵᠦ ᠶᠢᠨ · ᠤᠶᠤᠨᠲᠠᠨ᠎ᠠ ᠪᠠᠭᠰᠢ ᠤᠴᠢᠷᠯᠠᠨ᠎ᠠ᠃ | ᠬᠠᠮᠲᠤ ᠠᠵᠢᠯᠯᠠᠭᠰᠠᠳ ᠤᠨ ᠢᠶᠠᠨ ᠨᠢᠳᠦᠨ ᠳᠤ᠂ ᠶᠢᠨ · ᠤᠶᠤᠨᠲᠠᠨ᠎ᠠ ᠪᠠᠭᠰᠢ ᠪᠣᠯ ᠦᠢᠯᠡᠰ ᠢᠶᠠᠨ ᠳᠡᠭᠡᠳᠦᠯᠡᠨ | ᠬᠤᠪᠢ ᠨᠡᠮᠡᠷᠢ ᠦᠵᠡᠭᠦᠯᠵᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠳᠠᠭ ᠦᠯᠢᠭᠡᠷ ᠳᠠᠭᠤᠷᠢᠶᠠᠯ | ᠪᠣᠯᠤᠨ᠎ᠠ᠃ ᠲᠡᠷᠡ ᠵᠢᠭᠠᠬᠤ ᠶᠢ ᠰᠤᠳᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠢᠭᠠᠨ ᠰᠤᠷᠭᠠᠬᠤ | ᠲᠤᠷᠰᠢᠯᠭ᠎ᠠ ᠪᠠᠨ ᠬᠤᠪᠢᠶᠠᠯᠴᠠᠨ᠂ ᠵᠠᠯᠠᠭᠤ ᠪᠠᠭᠰᠢ ᠨᠠᠷ ᠲᠤ ᠪᠠᠨ ᠲᠠᠭᠤᠷᠢᠶᠠᠯ ᠪᠤᠯᠬᠤ ᠶᠢ ᠬᠢᠴᠢᠶᠡᠳᠡᠭ᠃ | ᠡᠭᠡᠯ ᠵᠢᠷ ᠤᠨ ᠠᠵᠢᠯ ᠤᠨ ᠪᠠᠶᠢᠷᠢᠨ ᠳᠤ᠂ ᠲᠡᠷᠡ ᠰᠡᠳᠬᠢᠯ ᠲᠠᠯᠪᠢᠨ ᠠᠵᠢᠯᠯᠠᠵᠤ᠂ ᠨᠢᠭᠡ ᠰᠡᠳᠬᠢᠯ ᠢᠶᠠᠷ | ᠰᠤᠷᠤᠭᠴᠢ ᠬᠥᠮᠦᠵᠢᠭᠦᠯᠵᠦ᠂ ᠬᠢᠴᠢᠶᠡᠯ ᠨᠢᠭᠡᠪᠦᠷᠢ ᠶᠢ ᠪᠠᠭᠰᠢ ᠰᠤᠷᠤᠭᠴᠢᠳ ᠤᠨ ᠬᠠᠮᠲᠤ ᠪᠠᠷ ᠲᠡᠪᠰᠢᠬᠤ | ᠴᠡᠩᠭᠡᠯ ᠤᠨ ᠬᠦᠷᠢᠶᠡᠯᠡᠩ ᠢᠶᠠᠷ ᠦᠵᠡᠳᠡᠭ᠃ ᠲᠡᠷᠡ ᠦᠷᠭᠦᠯᠵᠢ ᠰᠤᠷᠤᠭᠴᠢᠳ ᠲᠤ ᠪᠠᠨ᠄ ︽ᠰᠤᠷᠤᠯᠴᠠᠯᠭ᠎ᠠ ᠪᠣᠯ | ᠬᠥᠮᠦᠨ ᠤ ᠠᠮᠢᠳᠤᠷᠠᠯ ᠤᠨ ᠬᠠᠮᠤᠭ ᠤᠨ ᠶᠡᠭᠡ ᠪᠠᠶᠠᠷ ᠪᠠᠶᠠᠰᠤᠯ ᠮᠥᠨ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ | ᠪᠣᠯ ᠬᠥᠮᠦᠨ ᠤ ᠠᠮᠢᠳᠤᠷᠠᠯ ᠤᠨ ᠬᠠᠮᠤᠭ ᠤᠨ ᠰᠠᠶᠢᠨ ᠰᠠᠶᠢᠬᠠᠨ ᠬᠦᠰᠡᠯ ᠬᠥᠭᠡᠭᠡᠴᠡᠯᠳᠦᠯ ᠮᠥᠨ︾ ᠭᠡᠮᠡᠨ ᠵᠠᠬᠢᠳᠠᠭ᠃ | ᠲᠡᠷᠡ ᠰᠤᠷᠤᠯᠴᠠᠯᠭ᠎ᠠ ᠶᠢ ᠰᠤᠷᠤᠭᠴᠢᠳ ᠤᠨ ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠠᠶᠠᠨ ᠵᠠᠮ ᠪᠣᠯᠭᠠᠵᠤ᠂ | ᠬᠠᠮᠲᠤᠷᠠᠯᠴᠠᠭ᠎ᠠ ᠪᠠ ᠦᠢᠯᠡᠳᠦᠯᠴᠡᠭᠡ ᠶᠢ ᠰᠤᠷᠤᠯᠴᠠᠯᠭ᠎ᠠ ᠶᠢᠨ ᠬᠥᠳᠡᠯᠭᠡᠬᠦ ᠬᠦᠴᠦᠨ ᠪᠣᠯᠭᠠᠬᠤ ᠪᠠᠷ ᠴᠢᠷᠮᠠᠶᠢᠳᠠᠭ᠃ | ᠲᠡᠷᠡ ᠤᠯᠠᠨ ᠤᠳᠠᠭ᠎ᠠ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠢᠯᠢᠳᠡᠭ ᠪᠠᠭᠰᠢ ᠵᠡᠷᠭᠡ ᠢᠷᠠᠭᠤ ᠠᠯᠳᠠᠷ ᠢ | ᠬᠦᠷᠲᠡᠵᠦ᠂ ᠲᠡᠭᠦᠨ ᠤ ᠠᠩᠬᠢ ᠨᠢ ᠴᠦ ᠲᠡᠷᠢᠭᠦᠨ ᠤ ᠬᠠᠮᠲᠤ ᠨᠡᠶᠢᠲᠡ ᠪᠠᠷ ᠣᠯᠠᠨᠲᠠ ᠦᠨᠡᠯᠡᠭᠳᠡᠪᠡ᠃ ᠡᠨᠡ ᠪᠤᠯ | ᠲᠠᠬᠦᠨ ᠤ ᠠᠮᠵᠢᠯᠳᠠ ᠤᠯᠤᠯᠳᠠ ᠶᠢᠨ ᠪᠠᠳᠦ ᠭᠡᠷᠡᠴᠢ ᠪᠠᠶᠢᠭ᠎ᠠ᠃ ᠮᠦᠨᠴᠦ ᠤᠷᠬᠢᠯᠤᠮ᠎ᠠ ᠬᠠᠯᠠᠭᠤᠨ ᠰᠡᠳᠬᠢᠯᠭᠡ ᠪᠠᠷ | ᠶᠠᠰᠤ ᠴᠢᠨᠠᠷ ᠢᠶᠠᠷ ᠦᠨᠳᠦᠷ ᠰᠤᠷᠭᠠᠨ ᠬᠦᠮᠦᠵᠢᠯ ᠢ ᠲᠡᠭᠡᠳᠦᠯᠡᠭᠰᠡᠨ ᠵᠠᠮᠨᠠᠯ ᠳᠤᠨᠢ ᠵᠤᠷᠢᠭᠵᠢᠭᠤᠯᠤᠯ ᠪᠤᠯᠳᠠᠭ ᠶᠤᠮ᠃ | ᠤᠯᠤᠭᠰᠠᠨ ᠢᠷᠠᠭᠤ ᠠᠯᠳᠠᠷ ᠤᠨ ᠲᠤᠬᠠᠢ ᠪᠤᠳᠤᠯ ᠰᠡᠳᠬᠢᠭᠳᠡᠯ ᠢ ᠨᠢ ᠠᠰᠠᠭᠤᠬᠤ ᠳᠤ ᠲᠡᠷᠡ᠄ ︽ᠡᠨᠡ ᠪᠣᠯ | ᠪᠦᠬᠦ᠋ᠢᠯᠡ ᠪᠠᠭᠰᠢᠨᠠᠷ ᠤᠨ ᠬᠠᠮᠲᠤ ᠶᠢᠨ ᠢᠷᠠᠭᠤ ᠠᠯᠳᠠᠷ ᠮᠥᠨ᠂ ᠪᠢ ᠦᠷᠭᠦᠯᠵᠢᠯᠡᠨ ᠴᠢᠷᠮᠠᠶᠢᠵᠤ᠂ ᠰᠤᠷᠭᠠᠨ | ᠬᠥᠮᠦᠵᠢᠯ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠯᠡ᠃ ᠲᠡᠷᠡ ᠡᠬᠦᠷᠭᠡ | ᠬᠠᠷᠢᠭᠤᠴᠠᠯᠭᠠᠲᠤ ᠰᠡᠳᠬᠢᠯᠭᠡ᠂ ᠬᠥᠮᠦᠨ ᠴᠢᠨᠠᠷ ᠤᠨ ᠷᠢᠳᠢ ᠰᠢᠳᠢ ᠪᠠᠷ ᠰᠤᠷᠤᠭᠴᠢᠳ ᠢᠶᠠᠨ ᠨᠥᠯᠥᠭᠡᠯᠡᠨ | ᠵᠣᠷᠢᠭᠵᠢᠭᠤᠯᠵᠤ᠂ ᠰᠤᠷᠤᠭᠴᠢᠳ ᠤᠨ ᠪᠠᠭ᠋ᠠᠷᠬᠠᠯ ᠢ ᠲᠠᠳᠠᠭᠰᠠᠨ᠂ ᠭᠡᠷ ᠤᠨ ᠠᠬᠠᠮᠠᠳ ᠤᠨ ᠢᠲᠡᠭᠡᠯ ᠢ ᠤᠯᠤᠭᠰᠠᠨ | ᠰᠠᠶᠢᠨ ᠪᠠᠭᠰᠢ ᠪᠣᠯᠬᠤ ᠪᠠᠷ ᠵᠤᠷᠢᠮᠠᠭ ᠵᠢᠳᠬᠦᠭᠰᠡᠭᠡᠷ ᠢᠷᠡᠵᠠᠢ᠃ | ᠰᠤᠷᠭᠠᠭᠤᠯᠢ ᠳᠤ ᠪᠠᠭ᠎ᠠ ᠶᠠᠪᠤᠳᠠᠯ ᠭᠡᠵᠦ ᠦᠭᠡᠢ᠂ ᠶᠠᠭᠤ ᠪᠦᠬᠦᠨ ᠨᠢ ᠵᠢᠭᠠᠨ ᠰᠤᠷᠭᠠᠯᠲᠠ ᠲᠠᠢ ᠬᠤᠯᠪᠤᠭ᠎ᠠ | ᠲᠠᠢ᠃ ᠪᠠᠭᠰᠢ ᠶᠢᠨ ᠦᠢᠯᠡ ᠳᠤ ᠵᠢᠵᠢᠭ ᠰᠠᠵᠢᠭ ᠵᠦᠢᠯ ᠭᠡᠵᠦ ᠪᠠᠶᠢᠳᠠᠭ ᠦᠭᠡᠢ᠂ ᠦᠢᠯᠡ ᠪᠦᠬᠦᠨ ᠨᠢ ᠬᠡᠪ | ᠳᠠᠭᠤᠷᠢᠶᠠᠯ ᠮᠦᠨ᠃ ᠶᠢᠨ · ᠤᠶᠤᠨᠲᠠᠨ᠎ᠠ ᠪᠠᠭᠰᠢ ᠠᠵᠤ ᠠᠮᠢᠳᠤᠷᠠᠯ ᠪᠠ ᠠᠵᠢᠯ ᠦᠢᠯᠡᠰ ᠤᠨ ᠳᠤᠮᠳᠠ ᠪᠠᠨ | ᠥᠪᠡᠷ ᠢ ᠪᠠᠨ ᠴᠢᠩᠭ᠎ᠠ ᠱᠠᠭᠠᠷᠳᠠᠵᠤ᠂ ᠰᠤᠷᠤᠭᠴᠢᠳ ᠲᠤ ᠪᠠᠨ ᠲᠥᠪ ᠭᠤᠣᠯᠴᠢ᠂ ᠡᠷᠬᠡ ᠲᠡᠭᠰᠢ ᠪᠠᠶᠢᠵᠤ᠂ | ᠰᠤᠷᠤᠭᠴᠢ ᠨᠢᠭᠡᠪᠦᠷᠢ ᠳᠤ ᠠᠩᠬᠠᠷᠤᠯ ᠲᠠᠯᠪᠢᠵᠤ ᠪᠠᠶᠢᠳᠠᠭ᠃ ᠲᠡᠭᠦᠨ ᠤ ᠲᠥᠪ ᠭᠤᠣᠯᠴᠢ ᠦᠨᠡᠨᠴᠢ ᠰᠡᠳᠭᠢᠯ ᠨᠢ | ᠰᠤᠷᠤᠭᠴᠢᠳ ᠤᠨ ᠬᠦᠨᠳᠦᠳᠭᠡᠯ ᠪᠢᠰᠢᠷᠠᠯ ᠢ ᠤᠯᠵᠡᠢ᠃ | ᠰᠤᠷᠪᠤᠯᠵᠢᠯᠠᠭ᠎ᠠ ᠳᠠᠭᠤᠰᠬᠤ ᠦᠶ᠎ᠡ ᠳᠤ᠂ ᠶᠢᠨ · ᠤᠶᠤᠨᠲᠠᠨ᠎ᠠ ᠪᠠᠭᠰᠢ ᠥᠷᠭᠡᠨ ᠤᠯᠠᠨ ᠰᠤᠷᠤᠭᠴᠢᠳ | ᠲᠤ ᠪᠠᠨ᠄ ︽ᠴᠠᠭ ᠮᠥᠴᠡ ᠶᠢ ᠨᠠᠨᠳᠢᠩᠨᠠᠵᠤ᠂ ᠴᠢᠷᠮᠠᠶᠢᠨ ᠰᠤᠷᠤᠯᠴᠠᠵᠤ᠂ ᠵᠣᠷᠢᠭᠲᠠᠢ ᠪᠠᠷ ᠬᠦᠰᠡᠯ | ᠮᠦᠷᠦᠭᠡᠳᠦᠯ ᠢᠶᠠᠨ ᠬᠦᠭᠡᠭᠡᠴᠡᠯᠳᠦᠨ᠂ ᠨᠡᠶᠢᠭᠡᠮ ᠳᠤ ᠬᠡᠷᠡᠭᠴᠡᠭᠡ ᠲᠠᠢ ᠴᠢᠳᠠᠪᠤᠷᠢᠲᠠᠨ ᠪᠤᠯᠤᠭᠠᠷᠠᠢ︾ ᠭᠡᠮᠡᠨ ᠵᠠᠬᠢᠵᠦ | ᠪᠠᠶᠢᠯ᠎ᠠ᠃ | ᠶᠢᠨ · ᠤᠶᠤᠨᠲᠠᠨ᠎ᠠ ᠪᠠᠭᠰᠢ ᠶᠢᠨ ᠦᠢᠯᠡ ᠠᠵᠢᠯᠯᠠᠭ᠎ᠠ ᠨᠢ ᠰᠢᠯᠢᠳᠡᠭ ᠪᠠᠭᠰᠢ ᠶᠢᠨ ᠨᠠᠨᠳᠢᠨ ᠦᠢᠯᠡ ᠪᠠ | ᠬᠠᠷᠢᠭᠤᠴᠠᠯᠭ᠎ᠠ ᠶᠢ ᠭᠦᠨᠵᠡᠭᠡᠢ ᠬᠠᠷᠠᠭᠤᠯᠵᠠᠢ᠃ ᠲᠡᠷᠡ ᠦᠪᠡᠷ ᠤᠨ ᠦᠢᠯᠡ ᠠᠵᠢᠯᠯᠠᠭ᠎ᠠ ᠪᠠᠷ ᠢᠶᠠᠨ ᠰᠤᠷᠭᠠᠨ | ᠬᠦᠮᠦᠵᠢᠯ ᠳᠤ ᠦᠵᠡᠬᠦᠯᠦᠭᠡ ᠵᠢᠳᠬᠦᠯ ᠢ ᠪᠢᠴᠢᠭᠯᠡᠵᠦ᠂ ᠪᠢᠳᠡ ᠪᠦᠬᠦᠨ ᠤ ᠰᠤᠷᠤᠯᠴᠠᠬᠤ ᠲᠠᠭᠤᠷᠢᠶᠠᠯ ᠪᠤᠯᠤᠨ᠎ᠠ᠃ | |