ᠵᠠᠬ᠎ᠠ ᠳᠡᠯᠭᠡᠭᠦᠷ ᠤᠨ ᠪᠣᠯᠬᠢ ᠦᠵᠡᠭᠳᠡᠯ ᠢ ᠴᠡᠭᠴᠡᠯᠡᠨ ᠵᠠᠰᠠᠵᠤ᠂ ᠳᠠᠭᠠᠳᠬᠠᠯ ᠤᠨ ᠣᠷᠴᠢᠨ ᠢ ᠰᠠᠶᠢᠳᠤᠷ ᠴᠡᠪᠡᠷᠰᠢᠭᠦᠯᠦᠨ᠎ᠡ
ᠨᠡᠶᠢᠲᠡᠯᠡᠭᠰᠡᠨ ᠴᠠᠭ᠄
2024/9/19
ᠦᠷᠭᠡᠨ ᠣᠯᠠᠨ ᠮᠠᠯᠴᠢᠨ ᠲᠠᠷᠢᠶᠠᠴᠢᠨ ᠨᠦᠬᠦᠳ ᠡ᠄    ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠲᠠᠢ ᠬᠠᠮᠲᠤᠷᠠᠨ ᠱᠠᠩᠨᠠᠯ ᠲᠠᠢ ᠢᠯᠡᠴᠢᠯᠡᠨ ᠮᠡᠳᠡᠭᠦᠯᠬᠦ ᠲᠤᠰᠬᠠᠶ ᠤᠲᠠᠰᠤ ᠭᠠᠷᠭᠠᠪᠠ᠃ ᠵᠣᠷᠢᠭᠤᠳᠠ ᠪᠠᠷ ᠦᠬᠡᠷ ᠢᠶᠠᠨ ᠦᠬᠦᠭᠦᠯᠦᠭᠰᠡᠨ ︵ᠦᠯᠪᠡᠷᠡᠭᠦᠯᠵᠦ ᠠᠯᠠᠭᠰᠠᠨ᠂ ᠬᠤᠤᠷᠯᠠᠨ ᠠᠯᠠᠭᠰᠠᠨ᠂ ᠴᠣᠬᠢᠵᠤ ᠠᠯᠠᠭᠰᠠᠨ᠂ ᠬᠦᠢᠳᠡᠨ ᠬᠥᠮᠥᠷᠭᠡ ᠳᠤ ᠬᠠᠳᠠᠭᠠᠯᠠᠭᠰᠠᠨ ᠵᠡᠷᠭᠡ︶᠂ ᠬᠤᠳᠠᠯ ᠬᠠᠭᠤᠷᠮᠠᠭ ᠢᠶᠠᠷ ᠳᠠᠭᠠᠳᠬᠠᠯ ᠠᠪᠤᠭᠰᠠᠨ ᠵᠢᠴᠢ ᠬᠤᠳᠠᠯ ᠬᠠᠭᠤᠷᠮᠠᠭ ᠢᠶᠠᠷ ᠲᠥᠯᠥᠭᠰᠡᠨ ᠵᠡᠷᠭᠡ ᠵᠤᠷᠢᠭᠤᠳᠠ ᠳᠠᠭᠠᠳᠬᠠᠯ ᠢ ᠮᠡᠬᠡᠯᠡᠭᠰᠡᠨ ᠦᠢᠯᠡ ᠠᠵᠢᠯᠯᠠᠭ᠎ᠠ ᠶᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠬᠡᠷᠡᠭᠲᠡᠶ᠃ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠢᠯᠡᠴᠢᠯᠡᠨ ᠮᠡᠳᠡᠭᠦᠯᠦᠭᠴᠢ ᠳᠤ ᠮᠢᠩᠭᠠᠨ ᠲᠥᠭᠦᠷᠢᠭ ᠤᠨ ᠱᠠᠩᠨᠠᠯ ᠣᠯᠭᠤᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠨᠥᠬᠦᠳ ᠢᠳᠡᠪᠬᠢᠲᠡᠶ ᠣᠷᠣᠯᠴᠠᠵᠤ᠂ ᠰᠤᠷᠲᠠᠯ ᠴᠢᠬᠡᠴᠢ ᠣᠪᠣᠷ ᠲᠥᠪ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠣᠷᠴᠢᠨ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃    ᠢᠯᠡᠴᠢᠯᠡᠨ ᠮᠡᠳᠡᠭᠦᠯᠬᠦ ᠤᠲᠠᠰᠤ᠄    ᠠᠮᠢ ᠨᠠᠰᠤ ᠡᠳ᠋ ᠬᠥᠷᠥᠩᠭᠡ ᠶᠢᠨ ᠳᠠᠭᠠᠳᠬᠠᠯ᠄ 0479 — 8237033 15804799970    ᠠᠵᠤ ᠠᠬᠤᠶ ᠶᠢᠨ ᠲᠤᠷᠰᠢᠨ ᠪᠠᠶᠢᠴᠠᠭᠠᠯᠲᠠ ᠶᠢᠨ ᠶᠡᠭᠡ ᠠᠩᠭᠢ᠄ 0479— 2306836    ᠬᠦᠮᠦᠨ ᠤ ᠬᠦᠴᠦᠨ ᠤ ᠡᠬᠢ ᠪᠠᠶᠠᠯᠢᠭ ᠲᠠᠭᠠᠳᠬᠠᠯ ᠤᠨ ᠠᠪᠠᠭ᠎ᠠ ᠬᠤᠰᠢᠭᠤᠨ ᠤ ᠬᠤᠪᠢᠶᠠᠷᠢ ᠺᠤᠮᠫᠠᠨᠢ    ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠬᠡᠷᠡᠭ ᠢ ᠲᠠᠩᠨᠠᠨ ᠪᠠᠢᠴᠠᠭᠠᠬᠤ ᠶᠡᠭᠡ ᠠᠩᠭᠢ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号