ᠬᠤᠰᠢᠭᠤ ᠦᠷ᠎ᠡ ᠶᠢᠨ ᠮᠠᠯ ᠤᠨ ᠲᠠᠯᠠᠪᠠᠢ ᠰᠢᠳᠦᠯᠡᠩ ᠬᠤᠴᠠ ᠬᠤᠳᠠᠯᠳᠤᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/9/19
ᠦᠷᠭᠡᠨ ᠣᠯᠠᠨ ᠮᠠᠯᠴᠢᠨ ᠲᠦᠮᠡᠨ ᠳᠤ᠄    ᠲᠠᠪᠠᠲᠠᠢ ᠨᠠᠮᠤᠷᠵᠢᠵᠦ ᠪᠠᠶᠢᠨ᠎ᠠ ᠤᠤ︖    ᠡᠳᠦᠭᠡ ᠬᠤᠰᠢᠭᠤ ᠦᠷ᠎ᠡ ᠶᠢᠨ ᠮᠠᠯ ᠤᠨ ᠲᠠᠯᠠᠪᠠᠢ ᠨᠢ ᠬᠤᠰᠢᠭᠤᠨ ᠤ ᠬᠡᠪᠴᠢᠶᠡᠨ ᠲᠤ ᠬᠢᠨᠠᠨ ᠲᠤᠭᠲᠠᠭᠠᠯ ᠢᠶᠠᠷ ᠬᠢᠷᠢ ᠳᠡᠩᠴᠡᠭᠰᠡᠨ ᠰᠢᠳᠦᠯᠡᠩ ᠬᠤᠴᠠ ᠬᠤᠳᠠᠯᠳᠤᠬᠤ ᠪᠠᠷ ᠪᠠᠶᠢᠨ᠎ᠠ᠃ ᠬᠠᠮᠢᠶ᠎ᠠ ᠪᠦᠬᠦᠢ ᠪᠠᠶᠢᠳᠠᠯ ᠢ ᠲᠤᠤᠷᠠᠬᠢ ᠮᠡᠲᠦ ᠮᠡᠳᠡᠭᠳᠡᠶ᠎ᠡ᠃    ᠨᠢᠭᠡ᠂ ᠬᠤᠳᠠᠯᠳᠤᠬᠤ ᠴᠠᠭ᠄ 2024 ᠣᠨ ᠤ 8 ᠰᠠᠷ᠎ᠠ ᠶᠢᠨ 25 ᠤ ᠡᠳᠦᠷ ᠠᠴᠠ ᠡᠬᠢᠯᠡᠨ ᠬᠤᠳᠠᠯᠳᠤᠵᠤ᠂ ᠬᠤᠳᠠᠯᠳᠤᠵᠤ ᠪᠠᠷᠠᠳᠠᠯ᠎ᠠ ᠶᠠᠪᠤᠭᠳᠠᠨ᠎ᠠ᠃    ᠬᠤᠶᠠᠷ᠂ ᠬᠤᠳᠠᠯᠳᠤᠬᠤ ᠲᠤᠭ᠎ᠠ ᠬᠡᠮᠵᠢᠶ᠎ᠡ᠄ 206 ᠲᠤᠯᠤᠭᠠᠢ ᠬᠢᠷᠢ ᠳᠡᠩᠴᠡᠭᠰᠡᠨ ᠰᠢᠳᠦᠯᠡᠩ ᠬᠤᠴᠠ ︵ᠬᠤᠴᠠ ᠪᠦᠷᠢ 1600 ᠲᠦᠭᠦᠷᠢᠭ ᠤᠨ ᠨᠦᠬᠦᠪᠦᠷᠢ ᠲᠠᠢ︶    ᠭᠤᠷᠪᠠ᠂ ᠪᠠᠶᠢᠭ᠎ᠠ ᠭᠠᠵᠠᠷ᠄ ᠪᠡᠯᠭᠦᠳᠡᠢ ᠪᠠᠯᠭᠠᠰᠣᠨ ᠤ ᠪᠠᠶᠠᠨᠪᠢᠯᠢᠭ᠍ᠲᠦ ᠭᠠᠴᠠᠭ᠎ᠠ ︵ᠠᠪᠠᠭ᠎ᠠ ᠬᠤᠰᠢᠭᠤᠨ ᠠᠴᠠ ᠰᠢᠯᠢ ᠶᠢᠨ ᠬᠤᠲᠠ ᠬᠦᠷᠬᠦ ᠵᠠᠮ ᠤᠨ 1280km ᠤᠷᠴᠢᠮ ᠵᠠᠮ ᠤᠨ ᠡᠮᠦᠨ᠎ᠡ︶    ᠲᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ᠄ ᠰᠢᠳᠦᠯᠡᠩ ᠬᠤᠴᠠ ᠬᠤᠳᠠᠯᠳᠤᠨ ᠠᠪᠤᠭᠰᠠᠨ ᠤ ᠳᠠᠷᠠᠭ᠎ᠠ᠂ ᠲᠤᠰ ᠬᠦᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠡᠷᠦᠬᠡ ᠠᠮᠠ ᠶᠢᠨ ᠲᠡᠪᠳᠡᠷ ᠤᠨ ᠬᠠᠭᠤᠯᠪᠣᠷᠢ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠬᠠᠭᠤᠯᠪᠤᠷᠢ᠂ ᠬᠢᠵᠢᠭ ᠢ ᠪᠠᠶᠢᠴᠠᠭᠠᠭᠰᠠᠨ ᠭᠡᠷᠡᠴᠢ ︵ᠪᠡᠯᠭᠦᠳᠡᠢ ᠪᠠᠯᠭᠠᠰᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠲᠦᠭᠡᠮᠡᠯᠵᠢᠭᠦᠯᠬᠦ ᠲᠦᠪ ᠲᠤ ᠬᠦᠷᠴᠦ ᠭᠠᠷᠭᠠᠨ᠎ᠠ︶᠂ ᠬᠤᠳᠠᠯᠳᠤᠨ ᠠᠪᠤᠭᠰᠠᠨ ᠭᠡᠷ᠎ᠡ᠂ ᠵᠤᠭᠤᠰ ᠳᠤᠰᠢᠶᠠᠭᠰᠠᠨ ᠪᠠᠷᠢᠮᠲᠠ ᠵᠡᠷᠭᠡ ᠪᠠᠨ ᠠᠪᠴᠦ᠂ ᠰᠣᠮᠣ ᠪᠠᠯᠭᠠᠰᠣᠨ ᠳᠤ ᠪᠠᠨ ᠬᠦᠷᠴᠦ ᠳᠠᠩᠰᠠᠯᠠᠭᠤᠯᠬᠤ ᠶᠢᠨ ᠬᠠᠮᠲᠤ᠂ ᠰᠢᠯᠢᠳᠡᠭ ᠡᠭᠦᠯᠳᠡᠷ ᠤᠨ ᠬᠤᠨᠢᠨ ᠤ ᠨᠦᠬᠦᠪᠦᠷᠢ ᠶᠢ ᠡᠷᠡᠮᠡᠯᠵᠡᠯᠡᠵᠦ ᠪᠣᠯᠣᠨ᠎ᠠ᠃    ᠲᠠᠪᠤ᠂ ᠬᠠᠷᠢᠯᠴᠠᠬᠤ ᠬᠦᠮᠦᠨ᠄ ᠪᠠᠶᠠᠷᠲᠤ᠄ 13604790734                              ᠪᠢᠯᠢᠭᠲᠦ᠄ 18947495814
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号