ᠣᠶᠤᠳᠠᠯᠴᠢᠨ ᠪᠦᠰᠡᠭᠦᠢ ᠮᠦᠩᠭᠦᠨᠴᠡᠴᠡᠭ ᠵᠢᠯ ᠳᠤ1000 ᠲᠡᠷᠯᠢᠭ ᠣᠶᠤᠳᠠᠭ
ᠨᠡᠶᠢᠲᠡᠯᠡᠭᠰᠡᠨ ᠴᠠᠭ᠄
2024/9/4
   ᠠᠪᠠᠭ᠎ᠠ ᠬᠤᠪᠴᠠᠰᠤ ᠵᠠᠰᠠᠯ ᠨᠢ ᠡᠩᠭᠡᠷ᠂ ᠵᠠᠭᠠᠮ᠎ᠠ᠂ ᠬᠠᠨᠴᠤᠢ ᠪᠠᠷ ᠢᠶᠠᠨ ᠨᠠᠷᠢᠬᠠᠨ ᠡᠮᠵᠢᠶᠡᠷᠢ ᠲᠠᠢ᠂ ᠡᠩᠭᠡᠷ  ᠨᠢ ᠭᠤᠷᠪᠠᠨ ᠲᠣᠪᠴᠢ ᠲᠠᠢ᠂ ᠡᠷᠡᠭᠲᠡᠢ ᠬᠦᠮᠦᠨ ᠤ ᠲᠡᠷᠯᠢᠭ ᠨᠠᠢᠮᠠᠨ ᠲᠣᠪᠴᠢ ᠲᠠᠢ᠂ ᠡᠮᠡᠭᠲᠡᠢ ᠬᠦᠮᠦᠨ ᠤ ᠬᠢ ᠪᠣᠯ ᠶᠢᠰᠦᠨ ᠲᠣᠪᠴᠢ ᠲᠠᠢ᠂ ᠬᠤᠷᠮᠤᠢ ᠬᠠᠨᠴᠤᠢ ᠤᠷᠲᠤ ᠵᠡᠷᠭᠡ ᠪᠠᠷ ᠢᠶᠠᠨ ᠪᠤᠰᠤᠳ ᠣᠷᠤᠨ ᠨᠤᠲᠤᠭ ᠠᠴᠠ ᠤᠨᠴᠠᠯᠢᠭᠳᠠᠳᠠᠭ᠃ ᠡᠨᠡ ᠰᠠᠶᠢᠬᠠᠨ ᠦᠢᠯᠡ ᠣᠶᠤᠳᠠᠯ ᠵᠶ᠋ᠠᠨ‌ᠥᠪᠯᠡᠨ ᠤᠯᠠᠮᠵᠢᠯᠠᠵᠤ ᠶᠠᠪᠤᠭ᠎ᠠ ᠦᠢ ᠤᠯᠠᠨ ᠪᠦᠰᠡᠭᠦᠶᠢᠴᠦᠦᠯ ᠤᠨ ᠨᠢᠭᠡ ᠨᠢ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠠᠯᠲᠠᠨᠳᠦ᠋ᠭᠦᠷᠢᠭ ᠭᠠᠴᠠᠭ᠎ᠠ  ᠪᠠᠷ ᠨᠤᠲᠤᠭᠲᠠᠢ ᠮᠦᠩᠭᠦᠨᠴᠡᠴᠡᠭ ᠪᠣᠯᠤᠨ᠎ᠠ᠃ ᠲᠡᠷᠡᠪᠡᠷ 2000 ᠣᠨ ᠠᠴᠠ ᠦᠢᠯᠡ ᠣᠶᠤᠳᠠᠯ ᠲᠠᠢ ᠣᠶᠢᠷᠠᠳᠴᠤ᠂ ᠣᠶᠤᠳᠠᠯᠴᠢᠨ ᠪᠣᠯᠬᠤ ᠠᠩᠬᠠᠨ ᠤ ᠠᠯᠬᠤᠮ ᠢᠶᠠᠨ ᠠᠯᠬᠤᠵᠤ᠂ ᠡᠳᠦᠭᠡ ᠬᠤᠰᠢᠭᠤᠨ ᠲᠥᠪ ᠪᠡᠯᠭᠦᠳᠡᠢ ᠪᠠᠯᠭᠠᠰᠤᠨ ᠳᠤ ᠤᠷᠢᠶᠠᠩᠬᠠᠢ ᠮᠣᠩᠭᠤᠯ ᠬᠤᠪᠴᠠᠰᠤ ᠵᠠᠰᠠᠯ ᠤᠨ ᠳᠡᠯᠭᠡᠬᠦᠢ ᠡᠷᠬᠢᠯᠡᠵᠦ ᠪᠤᠢ᠃ ᠤᠤᠯ ᠳᠤ ᠪᠠᠨ ᠵᠢᠯ ᠳᠤ 600 ᠭᠠᠷᠤᠢ ᠠᠪᠠᠭ᠎ᠠ ᠲᠡᠷᠯᠢᠭ ᠣᠶᠣᠵᠤ ᠪᠠᠶᠢᠭᠰᠠᠨ ᠪᠣᠯ᠂ ᠣᠶᠢᠷ᠎ᠠ ᠶᠢᠨ ᠵᠢᠯ ᠤᠳ ᠲᠤ ᠵᠢᠯ ᠳᠤ1000 ᠭᠠᠷᠤᠢ ᠲᠡᠷᠯᠢᠭ ᠣᠶᠤᠳᠠᠭ ᠪᠣᠯᠵᠤ᠂ ᠡᠳᠡᠭᠡᠷ ᠬᠤᠷᠢᠭᠠᠳ ᠵᠢᠯ ᠳᠤ ᠨᠡᠶᠢᠲᠡ 1 ᠲᠥᠮᠡ 2000 ᠭᠠᠷᠤᠢ ᠲᠡᠷᠯᠢᠭ ᠣᠶᠣᠵᠡᠢ᠃    ᠳᠡᠭᠡᠷ᠎ᠡ ᠵᠠᠭᠤᠨ ᠤ ᠶᠡᠷᠡᠭᠡᠳ ᠣᠨ ᠤ ᠰᠡᠭᠦᠯᠴᠢ ᠪᠠᠷ ᠮᠥᠩᠭᠦᠨᠴᠡᠴᠡᠭ ᠪᠠᠷᠠᠭᠤᠨ ᠦᠵᠦᠮᠦᠴᠢᠨ ᠬᠤᠰᠢᠭᠤᠨ ᠳᠤ ᠬᠦᠷᠴᠦ᠂ ᠤᠷᠠᠨ ᠣᠶᠤᠳᠠᠯᠴᠢᠨ ᠨᠠᠷᠠᠨᠲᠤᠶᠠᠭ᠎ᠠ ᠨᠠᠰᠤᠲᠠᠨ ᠳᠤ ᠱᠠᠪᠢᠯᠠᠨ ᠦᠢᠯᠡ ᠣᠶᠤᠳᠠᠯ ᠤᠨ ᠲᠤᠬᠠᠢ ᠰᠢᠰᠲ᠋ᠧᠮ  ᠲᠠᠢ ᠰᠤᠷᠤᠯᠴᠠᠵᠡᠢ᠃ ᠡᠳᠡᠭᠡᠷ ᠵᠢᠯ ᠤᠨ ᠲᠤᠷᠰᠢ ᠥᠪᠡᠷ ᠤᠨ ᠴᠢᠷᠮᠠᠶᠢᠯᠭ᠎ᠠ ᠪᠠ ᠦᠢᠯᠡ ᠣᠶᠤᠳᠠᠯ ᠤᠨ ᠮᠡᠷᠭᠡᠵᠢᠯ ᠢᠶᠠᠨ ᠳᠠᠰᠤᠷᠠᠯᠲᠠ ᠦᠭᠡᠢ ᠳᠡᠭᠡᠭᠰᠢᠯᠡᠭᠦᠯᠦᠭᠰᠡᠨ ᠲᠡᠷᠡᠪᠡᠷ ᠣᠶᠢᠷ᠎ᠠ ᠶᠢᠨ ᠵᠢᠯ ᠤᠳ ᠲᠤ ᠴᠠᠭ ᠦᠶ᠎ᠡ ᠶᠢᠨ ᠱᠠᠭᠠᠷᠳᠠᠯᠭ᠎ᠠ ᠪᠠᠷ ᠬᠡᠷᠡᠭᠯᠡᠭᠴᠢᠳ ᠤᠨ ᠳᠤᠷ᠎ᠠ ᠰᠣᠨᠢᠷᠬᠠᠯ ᠳᠤ ᠵᠣᠬᠢᠴᠠᠭᠤᠯᠵᠤ᠂ ᠰᠢᠨ᠎ᠡ ᠴᠠᠭ ᠦᠶ᠎ᠡ ᠳᠤ ᠵᠣᠬᠢᠴᠠᠭᠰᠠᠨ ᠡᠮᠦᠰᠭᠡᠯ ᠵᠠᠰᠠᠯ ᠢ ᠴᠦ ᠵᠢᠷᠤᠨ ᠲᠥᠯᠦᠪᠯᠡᠵᠦ ᠰᠢᠨᠡᠳᠬᠡᠨ ᠣᠶᠤᠭᠰᠠᠨ ᠢᠶᠠᠷ ᠬᠡᠷᠡᠭᠯᠡᠭᠴᠢᠳ ᠤᠨ ᠢᠲᠡᠭᠡᠯ ᠢ ᠣᠯᠵᠤ᠂ ᠬᠤᠪᠴᠠᠰᠤ ᠵᠠᠰᠠᠯ ᠣᠶᠤᠭᠤᠯᠬᠤ ᠬᠦᠮᠦᠰ ᠲᠠᠰᠤᠷᠠᠯᠲᠠ ᠦᠭᠡᠢ ᠨᠡᠮᠡᠭᠳᠡᠵᠡᠢ᠃ ᠨᠡᠩ ᠴᠦ ᠥᠪᠡᠷ ᠤᠨ ᠰᠤᠷᠤᠭᠰᠠᠨ ᠮᠡᠳᠡᠯᠭᠡ ᠪᠠᠨ ᠬᠡᠷᠡᠭᠯᠡᠨ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤᠨ ᠤ ᠣᠨᠴᠠᠯᠢᠭ ᠢ ᠣᠳᠤᠬᠢ ᠦᠢᠯᠡ ᠣᠶᠤᠳᠠᠯ ᠳᠤ ᠠᠭᠤᠰᠬᠠᠨ ᠬᠡᠷᠡᠭᠯᠡᠭᠰᠡᠨ ᠠᠴᠠ ᠠᠳᠠᠯᠢ ᠲᠥᠷᠦᠯ ᠤᠨ ᠬᠢᠨ ᠳᠣᠲᠤᠷ᠎ᠠ ᠪᠠᠨ ᠣᠨᠴᠠᠯᠢᠭᠳᠠᠵᠤ᠂ ᠣᠷᠤᠯᠭ᠎ᠠ ᠨᠢ ᠴᠦ ᠳᠠᠭᠠᠯᠳᠤᠨ ᠨᠡᠮᠡᠭᠳᠡᠪᠡ᠃ ᠲᠡᠭᠦᠨ ᠤ ᠤᠷᠠᠯᠠᠨ ᠣᠶᠤᠭᠰᠠᠨ ᠬᠤᠪᠴᠠᠰᠤ ᠵᠠᠰᠠᠯ ᠨᠢ ᠣᠷᠤᠨ ᠨᠤᠲᠤᠭ ᠤᠨ ᠬᠦᠮᠦᠰ ᠲᠤ ᠲᠠᠭᠠᠯᠠᠭᠳᠠᠵᠤ ᠪᠠᠶᠢᠬᠤ ᠪᠠᠷ ᠪᠠᠷᠠᠬᠤ ᠦᠭᠡᠢ ᠬᠠᠷᠢ ᠬᠤᠯᠠ ᠶᠠᠫᠤᠨ᠂ ᠮᠣᠩᠭᠤᠯ ᠣᠯᠣᠰ᠂ ᠺᠤᠷᠢᠶᠠ᠂ ᠰᠢᠶᠠᠩᠭᠠᠩ ᠬᠦᠷᠲᠡᠯ᠎ᠡ ᠪᠣᠷᠤᠯᠠᠭᠤᠯᠤᠭᠳᠠᠵᠤ ᠪᠠᠶᠢᠪᠠ᠃ ᠲᠡᠷᠡᠪᠡᠷ 2009 ᠣᠨ ᠳᠤ ᠬᠤᠪᠴᠠᠰᠤ ᠵᠠᠰᠠᠯ ᠤᠨ ︽ᠤᠷᠢᠶᠠᠩᠬᠠᠢ︾ ᠪᠠᠷᠠᠭᠠᠨ ᠲᠡᠮᠳᠡᠭ ᠢ ᠡᠷᠡᠮᠡᠯᠵᠡᠯᠡᠨ ᠳᠠᠩᠰᠠᠯᠠᠭᠤᠯᠵᠤ᠂ ᠣᠳᠤ ᠣᠶᠤᠳᠠᠯ ᠤᠨ ᠭᠠᠵᠠᠷ ᠤᠨ ᠵᠢᠯ ᠤᠨ ᠣᠷᠤᠯᠭ᠎ᠠ 10 ᠲᠥᠮᠡᠨ ᠲᠥᠭᠦᠷᠢᠭ ᠬᠦᠷᠴᠦ ᠪᠤᠢ᠃    ᠮᠥᠩᠭᠦᠨᠴᠡᠴᠡᠭ 2007 ᠣᠨ ᠳᠤ ᠠᠪᠠᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ᠦᠨᠳᠦᠰᠦᠳᠡᠨ ᠤ ᠰᠤᠶᠤᠯ ᠤᠨ ᠪᠦᠲᠦᠭᠡᠭᠳᠡᠭᠦᠨ ᠤ ᠰᠢᠨ᠎ᠡ ᠶᠢ ᠡᠭᠦᠳᠴᠦ ᠳᠡᠯᠭᠡᠨ ᠦᠵᠡᠭᠦᠯᠬᠦ ᠤᠷᠤᠯᠳᠤᠭᠠᠨ ᠳᠤ ᠭᠤᠷᠪᠠᠳᠤᠭᠠᠷ ᠳᠡᠰ  ᠲᠤ ᠲᠣᠳᠤᠷᠠᠵᠤ᠂ 2009 ᠣᠨ ᠳᠤ ᠠᠪᠠᠭ᠎ᠠ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠤᠷᠠᠨ ᠭᠠᠷ ᠬᠤᠨᠳᠠᠭ᠎ᠠ︾ ᠭᠠᠷ ᠤᠷᠠᠯᠠᠯ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠬᠦᠷᠲᠡᠪᠡ᠃ 2015 ᠣᠨ ᠳᠤ ᠠᠶᠢᠮᠠᠭ ᠤᠨ ᠳᠡᠰ ᠤᠨ ᠪᠣᠳᠠᠰ ᠤᠨ ᠪᠤᠰᠤ ᠰᠤᠶᠤᠯ ᠤᠨ ᠥᠪ ᠤᠨ ᠥᠪᠯᠡᠨ ᠤᠯᠠᠮᠵᠢᠯᠠᠭᠴᠢ ᠪᠠᠷ ᠦᠨᠡᠯᠡᠭᠳᠡᠵᠦ᠂ 2018 ᠣᠨ ᠳᠤ ᠬᠤᠰᠢᠭᠤᠨ ᠤ  ᠪᠠᠨ ᠰᠢᠯᠢᠳᠡᠭ ᠨᠠᠮ ᠤᠨ ᠬᠡᠰᠢᠭᠦᠨ ᠢᠶᠠᠷ ᠰᠣᠩᠭᠤᠭᠳᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号