ᠠᠪᠠᠭ᠎ᠠ ᠴᠡᠭᠡ ᠪᠠᠷ ᠨᠤᠳᠤᠭ ᠤᠨ ᠠᠯᠳᠠᠷ ᠡᠷᠬᠦᠵᠦ᠂ ᠤᠯᠠᠮᠵᠢᠯᠠᠯᠲᠤ ᠴᠠᠭᠠᠨ ᠢᠳᠡᠭᠡᠨ ᠨᠢ ᠥᠪᠡᠷᠮᠢᠴᠡ | ᠣᠨᠴᠠᠯᠢᠭ ᠢᠶᠠᠷ ᠢᠶᠠᠨ ᠲᠠᠨᠢᠭᠳᠠᠵᠦ ᠶᠠᠪᠤᠭ᠎ᠠ ᠨᠢ ᠠᠪᠠᠭ᠎ᠠ ᠨᠤᠳᠤᠭ ᠤᠨ ᠮᠠᠨᠢ ᠪᠠᠭ᠋ᠠᠷᠬᠠᠯ ᠭᠡᠯᠳᠠᠢ᠃ ᠠᠷᠠᠭᠠᠨ ᠤ | ᠰᠢᠯᠦᠰᠦ ᠠᠰᠬᠠᠷᠠᠭᠤᠯᠤᠮᠠᠷ ᠠᠭᠠᠷᠴᠠᠨ ᠬᠤᠷᠤᠳ ᠠᠴᠠ ᠡᠬᠢᠯᠡᠭᠡᠳ ᠠᠯᠢ ᠣᠯᠠᠨ ᠵᠦᠢᠯ ᠤᠨ ᠴᠠᠭᠠᠨ ᠢᠳᠡᠭᠡᠨ ᠢ | ᠰᠢᠷᠡᠭᠡ ᠳᠦᠭᠦᠷᠡᠩ ᠦᠷᠦᠭᠰᠡᠨ ︽ᠪᠤᠳᠠᠷᠭᠠᠨ ᠬᠤᠨᠳᠠᠭᠠᠲᠤ︾ 2024 ᠣᠨ ᠤ ᠤᠯᠠᠮᠵᠢᠯᠠᠯᠲᠤ ᠲᠠᠪᠠᠭ | ᠢᠳᠡᠭᠡᠨ ᠤ ᠤᠷᠤᠯᠳᠤᠭᠠᠨ ᠨᠢ 8 ᠰᠠᠷ᠎ᠠ ᠶᠢᠨ 26 ᠤ ᠡᠳᠦᠷ ᠠᠪᠠᠭ᠎ᠠ ᠬᠤᠰᠢᠭᠤᠨ ᠤ ᠣᠨᠴᠠᠯᠢᠭᠲᠤ ᠴᠠᠭᠠᠨ | ᠢᠳᠡᠭᠡᠨ ᠤ ᠲᠤᠰᠬᠠᠢ ᠡᠵᠡᠩᠨᠡᠯᠲᠡ ᠶᠢᠨ ᠳᠡᠯᠭᠡᠭᠦᠷ ᠲᠤ ᠣᠯᠠᠨ ᠤ ᠪᠠᠭ᠋ᠠᠷᠬᠠᠯ ᠢ ᠲᠠᠲᠠᠨ ᠰᠠᠶᠢᠬᠠᠨ ᠶᠠᠪᠤᠭᠳᠠᠯ᠎ᠠ᠃ | ᠡᠨᠡᠬᠦ ᠤᠷᠤᠯᠳᠤᠭᠠᠨ ᠢ ᠮᠢᠩᠭᠠᠨ ᠢᠮᠠᠭᠠᠨ ᠤ ᠽᠠᠨᠳᠠᠨ ᠱᠠᠲᠤᠨ ᠤ ᠮᠢᠯᠢᠶᠠᠯᠭ᠎ᠠ ᠶᠢᠨ ᠨᠠᠶᠢᠷ ᠬᠢᠭᠰᠡᠨ ᠶᠡᠭᠡᠭᠤᠤᠯ | ᠰᠤᠮᠤᠨ ᠤ ᠶᠡᠭᠡᠨ᠋ᠤᠰᠤ ᠭᠠᠴᠠᠭᠠᠨ ᠤ ᠮᠠᠯᠴᠢᠨ ᠦᠨᠡᠨᠴᠢ ᠶᠢᠨ ︽ᠪᠤᠳᠠᠷᠭᠠᠨ ᠭᠡᠷ ᠪᠦᠯᠢ ᠶᠢᠨ ᠮᠠᠯᠵᠢᠯ ᠤᠨ ᠲᠠᠯᠠᠪᠠᠢ︾ | ᠠᠴᠠ ᠡᠷᠬᠢᠯᠡᠨ ᠶᠠᠪᠤᠭᠳᠠᠭᠤᠯᠤᠭᠰᠠᠨ ᠶᠤᠮ᠃ | ᠲᠤᠰ ᠤᠷᠤᠯᠳᠤᠭᠠᠨ ᠳᠤ ᠠᠪᠠᠭ᠎ᠠ ᠬᠤᠰᠢᠭᠤᠨ ᠤ ᠡᠯ᠎ᠡ ᠰᠤᠮᠤ ᠭᠠᠴᠠᠭᠠᠨ ᠤ 15 ᠳᠤᠭᠤᠶᠢᠯᠠᠩ ᠣᠷᠤᠯᠴᠠᠨ᠂ | ᠥᠪᠡᠷ ᠥᠪᠡᠷ ᠤᠨ ᠣᠨᠴᠠᠯᠢᠭᠲᠤ ᠲᠠᠪᠠᠭ ᠢᠳᠡᠭᠡᠨ ᠢᠶᠠᠨ ᠲᠡᠯᠭᠡᠨ᠂ ᠬᠢᠨᠠᠭᠴᠢᠳ ᠠᠴᠠ ᠭᠤᠷᠪᠠᠨ ᠲᠦᠷᠦᠯ ᠤᠨ | ᠲᠠᠪᠠᠭ ᠢᠳᠡᠭᠡᠨ ᠪᠠᠶᠢᠬᠤ ᠡᠰᠡᠬᠦ᠂ ᠲᠤᠯᠤᠭᠠᠨ ᠲᠦᠷᠦᠯ ᠤᠨ ᠴᠠᠭᠠᠨ ᠢᠳᠡᠭᠡᠨ ᠪᠦᠷᠢᠯᠳᠦᠭᠰᠡᠨ ᠡᠰᠡᠬᠦ᠂ ᠰᠠᠪᠠ | ᠰᠠᠭᠤᠯᠠᠭ᠎ᠠ ᠢᠳᠡᠭᠡᠨ ᠤ ᠲᠠᠪᠠᠭ ᠨᠢ ᠤᠯᠠᠮᠵᠢᠯᠠᠯᠳᠦ ᠶᠠᠩᠵᠤᠳᠠᠢ ᠪᠠᠶᠢᠬᠤ ᠡᠰᠡᠬᠦ ᠪᠠᠷ ᠬᠤᠪᠢ ᠤᠯᠭᠤᠨ ᠨᠠᠷᠢᠨ | ᠬᠢᠨᠠᠮᠠᠭᠠᠢ ᠰᠢᠯᠭᠠᠷᠠᠭᠤᠯᠤᠭᠰᠠᠨ ᠶᠤᠮ᠃ ᠡᠬᠦᠨ ᠠᠴᠠ ᠭᠠᠳᠠᠨ᠎ᠠ ᠪᠦᠬᠦ ᠣᠷᠤᠯᠴᠠᠭᠴᠢᠳ ᠤᠨ ᠳᠤᠮᠳᠠ ᠴᠠᠭᠠᠨ | ᠢᠳᠡᠭᠡᠨ ᠤ ᠬᠠᠮᠢᠶ᠎ᠠ ᠲᠠᠢ ᠮᠡᠳᠡᠯᠭᠡ ᠶᠢᠨ ᠰᠡᠳᠦᠪ ᠤᠨ ᠤᠷᠤᠯᠳᠤᠭᠠᠨ ᠬᠢᠭᠰᠡᠨ ᠨᠢ ᠮᠠᠰᠢ ᠰᠣᠨᠢᠷᠬᠠᠯᠲᠠᠢ ᠮᠦᠷᠳᠡᠭᠡᠨ | ᠰᠢᠨ᠎ᠡ ᠰᠡᠪᠡᠬᠦᠨ ᠪᠠᠶᠢᠯ᠎ᠠ᠃ | ᠰᠢᠯᠭᠠᠷᠠᠭᠤᠯᠤᠯᠳᠠ ᠶᠢᠨ ᠳ᠋ᠦᠩ ᠳᠤ ᠴᠠᠭᠠᠨᠨᠠᠭᠤᠷ ᠪᠠᠯᠭᠠᠰᠤᠨ ᠤ ᠠᠯᠲᠠᠨᠲᠤᠶᠠᠭ᠎ᠠ ᠭᠠᠴᠠᠭᠠᠨ ᠤ ᠰᠠᠷᠠᠨᠴᠡᠴᠡᠭ | ᠲᠡᠷᠢᠭᠦᠯᠡᠨ᠂ ᠮᠡᠳᠡᠯᠭᠡ ᠶᠢᠨ ᠰᠡᠳᠦᠪ ᠤᠨ ᠤᠷᠤᠯᠳᠤᠭᠠᠨ ᠳᠤ ᠵᠢᠷᠭᠠᠯᠠᠩᠲᠤ ᠰᠤᠮᠤᠨ ᠤ ᠰᠢᠨᠡᠪᠤᠯᠠᠭ ᠭᠠᠴᠠᠭᠠᠨ ᠤ | ᠣᠶᠤᠨᠭᠡᠷᠡᠯ ᠲᠡᠷᠢᠭᠦᠯᠡᠯ᠎ᠡ᠃ | ︽ᠮᠠᠰᠢ ᠰᠠᠶᠢᠬᠠᠨ ᠠᠵᠢᠯᠯᠠᠭ᠎ᠠ ᠭᠡᠮᠡᠨ ᠦᠵᠡᠵᠦ ᠪᠠᠶᠢᠨ᠎ᠠ᠂ ᠮᠠᠨ ᠤ ᠬᠤᠰᠢᠭᠤᠨ ᠤ ᠬᠢᠨ ᠤᠯᠠᠮᠵᠢᠯᠠᠯᠲᠤ | ᠴᠠᠭᠠᠨ ᠢᠳᠡᠭᠡᠨ ᠢᠶᠠᠨ ᠰᠠᠶᠢᠬᠠᠨ ᠬᠢᠵᠦ ᠪᠠᠶᠢᠨ᠎ᠠ᠂ ᠬᠢᠨᠠᠭᠴᠢ ᠪᠣᠯᠤᠭᠰᠠᠨ ᠤ ᠬᠤᠪᠢ ᠳᠤ ᠬᠤᠪᠢ ᠪᠠᠨ ᠵᠢᠩᠬᠢᠨᠢ | ᠲᠥᠪ ᠭᠤᠣᠯᠴᠢ ᠥᠭᠬᠦ ᠶᠢ ᠪᠠᠷᠢᠮᠲᠠᠯᠠᠯᠠ᠂ ᠴᠠᠭᠠᠨ ᠢᠳᠡᠭᠡᠨ ᠳᠤ ᠶᠡᠭᠡ ᠣᠯᠠᠨ ᠰᠣᠶᠣᠯ ᠪᠣᠢ᠂ ᠬᠤᠵᠢᠮ ᠡᠶᠢᠮᠦᠷᠬᠦ | ᠤᠷᠤᠯᠳᠤᠭᠠᠨ ᠢ ᠤᠯᠠᠨ ᠦᠷᠨᠢᠬᠦᠯᠬᠦ ᠶᠢ ᠬᠦᠰᠡᠨ ᠨᠠᠶᠢᠳᠠᠵᠤ ᠪᠠᠶᠢᠨ᠎ᠠ︾ ᠬᠡᠮᠡᠨ ᠬᠢᠨᠠᠭᠴᠢ ᠶᠢᠨ ᠬᠦᠨᠳᠦ ᠡᠭᠦᠷᠭᠡ ᠶᠢ | ᠬᠦᠯᠢᠶᠡᠭᠰᠡᠨ ᠪᠠᠶᠠᠨᠲᠤᠭ ᠰᠤᠮᠤᠨ ᠤ ᠪᠠᠶᠠᠨᠲᠤᠭ ᠭᠠᠴᠠᠭᠠᠨ ᠤ ᠨᠠᠶᠠ ᠭᠠᠷᠤᠭᠰᠠᠨ ᠠᠬᠠᠮᠠᠳ ᠮᠠᠯᠴᠢᠨ ᠲᠣᠩᠳᠤᠪ | ᠭᠤᠸᠠᠢ ᠤᠴᠢᠷᠯᠠᠨ᠎ᠠ᠃ | ︽ᠡᠨᠡ ᠰᠠᠶᠢᠬᠠᠨ ᠤᠷᠤᠯᠳᠤᠭᠠᠨ ᠢ ᠵᠣᠬᠢᠶᠠᠨ ᠪᠠᠶᠢᠭᠤᠯᠵᠦ ᠲᠤᠬᠢᠶᠠᠯ ᠤᠯᠭᠤᠭᠰᠠᠨ ᠳᠤ ᠰᠡᠳᠭᠢᠯ ᠮᠠᠰᠢ | ᠦᠨᠳᠦᠷ ᠪᠠᠶᠢᠨ᠎ᠠ᠂ ᠤᠷᠤᠯᠳᠤᠭᠠᠨ ᠢᠶᠠᠷ ᠳᠠᠮᠵᠢᠭᠤᠯᠤᠨ ᠶᠡᠭᠡ ᠣᠯᠠᠨ ᠶᠠᠭᠤᠮ᠎ᠠ ᠰᠤᠷᠤᠯ᠎ᠠ︾ ᠬᠡᠮᠡᠨ ᠤᠷᠤᠯᠳᠤᠭᠠᠨ ᠤ | ᠲᠡᠷᠢᠭᠦᠨ ᠴᠠᠭᠠᠨᠨᠠᠭᠤᠷ ᠪᠠᠯᠭᠠᠰᠤᠨ ᠤ ᠠᠯᠲᠠᠨᠲᠤᠶᠠᠭ᠎ᠠ ᠭᠠᠴᠠᠭᠠᠨ ᠤ ᠰᠠᠷᠠᠨᠴᠡᠴᠡᠭ ᠪᠠᠶᠠᠷᠲᠠᠢ ᠶᠠᠷᠢᠨ᠎ᠠ᠃ | ︽ᠮᠠᠨ ᠤ ᠠᠪᠠᠭ᠎ᠠ ᠤᠯᠠᠮᠵᠢᠯᠠᠯᠲᠤ ᠴᠠᠭᠠᠨ ᠢᠳᠡᠭᠡᠨ ᠢᠶᠠᠨ ᠣᠯᠠᠨ ᠨᠡᠶᠢᠲᠡ ᠳᠤ ᠲᠠᠨᠢᠭᠤᠯᠬᠤ ᠮᠡᠳᠡᠷᠡᠬᠦᠯᠬᠦ | ᠵᠣᠷᠢᠯᠭ᠎ᠠ ᠲᠠᠢ᠂ ᠮᠠᠨ ᠤ ᠣᠷᠤᠯᠴᠠᠭᠴᠢᠳ ᠪᠦᠭᠦᠳᠡᠭᠡᠷ ᠢᠶᠠᠨ ᠮᠠᠰᠢ ᠮᠤᠨᠳᠠᠭ ᠮᠦᠷᠳᠡᠭᠡᠨ ᠪᠠᠭ᠋ᠠᠷᠬᠠᠯᠳᠠᠢ ᠪᠠᠶᠢᠨ᠎ᠠ᠂ | ᠮᠦᠨᠴᠦ ᠤᠷᠤᠯᠳᠤᠭᠠᠨ ᠤ ᠱᠠᠩᠨᠠᠯ ᠤᠨ ᠪᠤᠳᠠᠰ ᠲᠤ ᠶᠡᠬᠡᠬᠡᠨ ᠳᠡᠮᠵᠢᠯᠭᠡ ᠦᠵᠡᠭᠦᠯᠵᠦ᠂ ᠡᠨᠡ ᠰᠠᠶᠢᠬᠠᠨ ᠲᠠᠯᠠᠪᠠᠢ ᠶᠢ | ᠬᠠᠩᠭᠠᠭᠰᠠᠨ ᠠᠪᠠᠭ᠎ᠠ ᠬᠤᠰᠢᠭᠤᠨ ᠤ ᠰᠦᠨ ᠤ ᠦᠢᠯᠡᠰ ᠤᠨ ᠨᠡᠶᠢᠭᠡᠮᠯᠢᠭ ᠲᠤ ᠲᠠᠯᠠᠷᠬᠠᠯ᠎ᠠ︾ ᠬᠡᠮᠡᠨ ︽ᠪᠤᠳᠠᠷᠭᠠᠨ | ᠭᠡᠷ ᠪᠦᠯᠢ ᠶᠢᠨ ᠮᠠᠯᠵᠢᠯ ᠤᠨ ᠲᠠᠯᠠᠪᠠᠢ︾ ᠶᠢᠨ ᠡᠵᠡᠭᠳᠠᠢ ᠥᠨᠢᠷᠴᠡᠴᠡᠭ ᠶᠡᠷᠢᠯ᠎ᠡ᠃ ᠥᠨᠢᠷᠴᠡᠴᠡᠭ ᠥᠪᠡᠷ ᠢᠶᠠᠨ | ᠬᠢᠭᠰᠡᠨ ᠴᠠᠭᠠᠨ ᠢᠳᠡᠭᠡᠨ ᠢᠶᠠᠨ ᠴᠤ ᠦᠵᠡᠭᠦᠯᠭᠡᠨ ᠳᠤ ᠲᠡᠯᠭᠡᠭᠰᠡᠨ ᠪᠠᠶᠢᠯ᠎ᠠ᠂ ᠮᠦᠨᠴᠦ ᠲᠡᠬᠦᠨ ᠤ ᠬᠢᠭᠰᠡᠨ ᠢᠮᠠᠭᠠᠨ | ᠰᠦᠨ ᠤ ᠰᠢᠷ᠎ᠠ ᠲᠣᠰᠤ ᠪᠣᠯᠤᠨ ᠢᠮᠠᠭᠠᠨ ᠰᠦᠨ ᠤ ᠠᠷᠢᠬᠢ ᠨᠢ ᠪᠤᠰᠤᠳ ᠠᠴᠠ ᠣᠨᠴᠠᠯᠢᠭᠳᠠᠵᠤ ᠬᠦᠮᠦᠰ ᠤᠨ | ᠠᠩᠬᠠᠷᠤᠯ ᠢ ᠶᠡᠬᠡᠪᠡᠷ ᠲᠠᠲᠠᠨ᠎ᠠ᠃ | ᠬᠥᠳᠡᠯᠮᠦᠷᠢᠴᠢ ᠪᠦᠰᠡᠭᠦᠶᠢᠴᠦᠳ ᠤᠨ ᠠᠵᠢᠯᠴᠢ ᠬᠤᠶᠠᠷ ᠭᠠᠷ ᠢᠶᠠᠷ ᠢᠶᠠᠨ ᠬᠢᠭᠰᠡᠨ ᠴᠠᠭᠠᠨ ᠢᠳᠡᠭᠡᠨ ᠬᠢᠭᠡᠳ | ᠤᠷ᠎ᠠ ᠤᠬᠠᠭᠠᠨ ᠰᠢᠩᠭᠡᠭᠡᠵᠦ ᠦᠷᠦᠵᠦ ᠲᠠᠯᠪᠢᠭᠰᠠᠨ ᠤᠯᠠᠮᠵᠢᠯᠠᠯᠠᠲᠤ ᠲᠠᠪᠠᠭ ᠢᠳᠡᠭᠡᠨ ᠨᠢ ᠬᠤᠷᠠᠭᠰᠠᠨ ᠣᠯᠠᠨ ᠤ | ᠬᠠᠷᠠᠭ᠎ᠠ ᠶᠢ ᠮᠢᠯᠢᠶᠠᠵᠤ᠂ ᠦᠵᠡᠭᠰᠡᠨ ᠪᠣᠯᠭᠠᠨ ᠤ ᠰᠠᠶᠢᠰᠢᠶᠠᠯ ᠢ ᠣᠯᠣᠯ᠎ᠠ᠃ |