︽ᠡᠷᠡᠬᠡᠢ ᠳᠤ ᠪᠠᠨ ᠡᠷᠳᠡᠮ ᠲᠠᠢ᠂  ᠳᠤᠯᠤᠪᠤᠷ ᠲᠤ ᠪᠠᠨ ᠳᠣᠮ ᠲᠠᠢ ᠠᠬᠠᠮᠠᠳ︾
ᠨᠡᠶᠢᠲᠡᠯᠡᠭᠰᠡᠨ ᠴᠠᠭ᠄
2025/1/15
   ᠬᠤᠭᠤᠷ ᠪᠠᠷᠢᠪᠠᠯ ᠬᠤᠯᠪᠤᠭ᠎ᠠ ᠬᠡᠯᠡᠳᠡᠭ᠂ ᠬᠠᠭᠤᠳᠠᠰᠤ ᠳᠡᠯᠭᠡᠪᠡᠯ ᠰᠢᠯᠦᠭ ᠪᠢᠴᠢᠴᠢᠬᠡᠳᠡᠭ᠂ ᠬᠤᠶᠠᠭᠤᠯᠠ ᠰᠠᠭᠤᠪᠠᠯ ᠰᠢᠲᠠᠷ᠎ᠠ ᠲᠤᠭᠯᠠᠴᠢᠬᠠᠳᠠᠭ ᠦᠨᠡᠨ ᠦᠭᠡ ᠪᠡᠯᠡᠨ ᠶᠠᠷᠢᠶ᠎ᠠ ᠲᠠᠢ ᠳᠠᠯᠠ ᠶᠢᠨ ᠳᠠᠪᠠᠭ᠎ᠠ ᠳᠠᠪᠠᠵᠤ ᠶᠠᠪᠤᠭ᠎ᠠ ᠪᠠᠲᠤᠲᠤᠯᠭᠠᠭᠤᠷᠢ ᠨᠠᠰᠤᠲᠠᠨ ᠪᠣᠯ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠪᠠᠶᠠᠨᠪᠤᠯᠠᠭ ᠭᠠᠴᠠᠭᠠᠨ ᠤ ᠣᠣᠭᠠᠯ ᠪᠣᠯᠣᠨ᠎ᠠ᠃    ᠲᠡᠷᠡ ᠪᠠᠷ ᠵᠠᠯᠠᠭᠤ ᠪᠠᠭ᠎ᠠ ᠦᠶ᠎ᠡ ᠠᠴᠠ ᠪᠠᠨ ᠨᠤᠲᠤᠭ ᠤᠨ ᠠᠬᠠᠮᠠᠳ ᠲᠤᠮᠤᠭᠠᠲᠠᠨ ᠤ ᠪᠠᠨ ᠬᠠᠭᠤᠴᠢᠯᠠᠬᠤ ᠠᠷᠠᠳ ᠤᠨ ᠠᠮᠠᠨ ᠦᠯᠢᠭᠡᠷ ᠢ ᠰᠤᠨᠤᠰᠴᠤ ᠥᠰᠦᠭᠰᠡᠨ ᠪᠤᠯᠬᠤᠷ ᠤᠷᠠᠨ ᠵᠤᠬᠢᠶᠠᠯ ᠤᠨ ᠠᠶᠠᠨ ᠳᠤ ᠭᠠᠩ ᠲᠦᠷᠦᠭᠡ ᠵᠢᠭᠢᠵᠦ᠂ ᠲᠤᠷᠭᠠᠨ ᠵᠢᠯᠣᠭᠤ ᠰᠤᠩᠭᠠᠬᠤ ᠠᠵᠠ ᠳᠤᠬᠢᠶᠠᠭᠰᠠᠨ ᠪᠢᠯᠡ᠃ ᠤᠷᠠᠨ ᠪᠦᠲᠦᠭᠡᠯᠴᠢᠳ ᠤᠨ ᠪᠤᠰᠤᠳ ᠠᠴᠠ ᠢᠯᠭᠠᠭᠳᠠᠬᠤ ᠤᠨᠴᠠᠯᠢᠭ ᠭᠡᠪᠡᠯ ᠲᠤᠭᠤᠯᠤᠭᠰᠠᠨ ᠠᠮᠢᠳᠤᠷᠠᠯ ᠢᠶᠠᠨ ᠣᠷᠠᠯᠢᠭ ᠤᠨ ᠨᠢᠳᠦ ᠪᠠᠷ ᠬᠠᠷᠠᠵᠤ ᠪᠤᠰᠤᠳ ᠲᠤ ᠤᠷᠠᠨ ᠪᠦᠲᠦᠭᠡᠯ ᠪᠤᠯᠭᠠᠨ ᠲᠦᠭᠡᠭᠡᠳᠡᠭ ᠨᠠᠨᠳᠢᠨ ᠰᠤᠷᠳᠠᠯ ᠪᠤᠯᠤᠨ᠎ᠠ᠃ ᠪᠠᠲᠤᠲᠤᠯᠭᠠᠭᠤᠷᠢ ᠭᠤᠸᠠᠢ ᠳᠠᠯᠠᠭᠠᠳ ᠣᠨ ᠤ ᠡᠬᠢ ᠪᠠᠷ ᠠᠷᠪᠠ ᠭᠠᠷᠤᠢ ᠵᠢᠯ ᠰᠤᠮᠤᠨ ᠳᠤ ᠪᠠᠨ ᠺᠢᠨᠤᠴᠢᠨ᠂ ᠭᠠᠩᠨᠠᠭᠤᠷᠴᠢᠨ ᠪᠠᠰᠠ ᠬᠤᠷᠢᠮ ᠨᠠᠶᠢᠷ ᠤᠨ ᠬᠦᠲᠦᠯᠦᠭᠴᠢ ᠬᠢᠵᠦ ᠶᠠᠪᠤᠭᠰᠠᠨ ᠢᠶᠠᠷ ᠠᠮᠢᠳᠤᠷᠠᠯ ᠤᠨ ᠪᠠᠶᠠᠯᠢᠭ ᠲᠤᠷᠰᠢᠯᠭ᠎ᠠ᠂ ᠠᠮᠠᠨ ᠶᠠᠷᠢᠶᠠᠨ ᠤ ᠪᠡᠯᠡᠨ ᠬᠡᠯᠡ ᠬᠡᠯᠡᠯᠭᠡ ᠶᠢ ᠡᠵᠡᠮᠰᠢᠭᠰᠡᠨ ᠪᠠᠶᠢᠯ᠎ᠠ᠃ ᠲᠡᠶᠢᠨᠬᠦ ᠠᠵᠢᠯ ᠤᠨ ᠴᠢᠯᠦᠭᠡ ᠵᠠᠪ ᠢᠶᠠᠷ ᠢᠶᠠᠨ ︽ᠲᠤᠯᠭᠠᠨ ᠳᠤ ᠮᠠᠨᠠᠭᠳᠠᠭᠰᠠᠨ ᠭᠠᠯ︾᠂ ︽ᠬᠡᠲᠡ ᠠᠴᠠ ᠣᠴᠢᠯᠠᠭᠰᠠᠨ ᠰᠠᠷᠠ︾ ᠭᠡᠬᠦ ᠬᠤᠶᠠᠷ ᠨᠣᠮ ᠢᠶᠠᠨ ᠬᠡᠪᠯᠡᠭᠦᠯᠦᠭᠰᠡᠨ ᠪᠠ ᠬᠤᠯᠪᠤᠭ᠎ᠠ᠂ ᠰᠢᠯᠦᠭ᠂ ᠳᠠᠭᠤᠤ ᠶᠢᠨ ᠦᠭᠡ ᠵᠡᠷᠭᠡ ᠶᠢ ᠤᠯᠠᠨ ᠪᠢᠴᠢᠭᠰᠡᠨ ᠢᠶᠠᠷ ᠮᠠᠯ ᠤᠨ ᠵᠠᠬ᠎ᠠ᠂ ᠮᠠᠩᠬᠠᠨ ᠤ ᠬᠤᠩᠬᠤᠷ ᠠᠴᠠ ᠭᠠᠷᠤᠭᠰᠠᠨ ᠮᠠᠯᠴᠢᠨ ᠢᠷᠠᠭᠤ ᠨᠠᠶᠢᠷᠠᠭᠴᠢ᠂ ᠤᠷᠠᠨ ᠪᠦᠲᠦᠭᠡᠯᠴᠢ ᠭᠡᠵᠦ ᠨᠡᠶᠢᠲᠡ ᠤᠯᠠᠨ ᠳᠤ ᠪᠠᠨ ᠮᠡᠳᠡᠷᠡᠭᠳᠡᠨ᠂ ︽ᠡᠷᠡᠬᠡᠢ ᠳᠤ ᠪᠠᠨ ᠡᠷᠳᠡᠮ   ᠲᠠᠢ᠂  ᠲᠤᠯᠤᠪᠤᠷ ᠲᠤ ᠪᠠᠨ ᠳᠣᠮ ᠲᠠᠢ ᠠᠬᠠᠮᠠᠳ︾ ᠭᠡᠵᠦ  ᠬᠦᠨᠳᠦᠯᠡᠭᠳᠡᠳᠡᠭ ᠪᠢᠯᠡ᠃    ᠥᠪᠦᠷ ᠮᠣᠩᠭᠤᠯ ᠤᠨ ᠵᠤᠬᠢᠶᠠᠯᠴᠢᠳ ᠤᠨ ᠡᠪᠯᠡᠯ ᠤᠨ ᠬᠡᠰᠢᠭᠦᠨ᠂ ᠰᠢᠯᠢ ᠶᠢᠨ ᠭᠤᠣᠯ ᠠᠶᠢᠮᠠᠭ ᠤᠨ ᠵᠤᠬᠢᠶᠠᠯᠴᠢᠳ ᠤᠨ ᠡᠪᠯᠡᠯ ᠤᠨ ᠬᠡᠰᠢᠭᠦᠨ᠂ ᠠᠪᠠᠭ᠎ᠠ ᠬᠤᠰᠢᠭᠤᠨ ᠤ ᠠᠷᠡᠳ ᠤᠨ ᠤᠷᠠᠯᠢᠭᠴᠢᠨ ᠪᠠ ᠵᠤᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ ᠵᠡᠷᠭᠡ ᠨᠡᠶᠢᠭᠡᠮ ᠤᠨ ᠠᠯᠳᠠᠷ ᠬᠦᠨᠳᠦ ᠶᠢ ᠡᠷᠭᠦᠵᠦ ᠶᠠᠪᠤᠭ᠎ᠠ ᠪᠠᠲᠤᠲᠤᠯᠭᠠᠭᠤᠷᠢ ᠭᠤᠸᠠᠢ ᠬᠡᠳᠦᠶᠢᠪᠡᠷ ᠳᠠᠯᠠ ᠶᠢᠨ ᠳᠠᠪᠠᠭ᠎ᠠ ᠶᠢ ᠳᠠᠪᠠᠭᠰᠠᠨ ᠪᠤᠯᠪᠠᠴᠤ ᠠᠷᠠᠳ ᠲᠦᠮᠡᠨ᠂ ᠬᠡᠦᠬᠡᠳ ᠳᠡᠭᠦᠦ ᠨᠠᠷ ᠲᠤ ᠪᠠᠨ ︽ᠶᠠᠭᠤ ᠨᠢᠭᠡ ᠶᠢ ᠪᠦᠲᠦᠭᠡᠵᠦ ᠦᠭᠭᠦᠶ᠎ᠡ︾ ᠭᠡᠰᠡᠨ ᠪᠤᠳᠤᠯ   ᠳᠠᠭᠠᠨ ᠬᠦᠲᠦᠯᠦᠭᠳᠡᠵᠦ᠂ ᠪᠢᠷ ᠢᠶᠠᠨ ᠬᠤᠷᠴᠠᠯᠠᠨ ᠪᠡᠶ᠎ᠡ ᠰᠡᠳᠬᠢᠯ ᠢᠶᠠᠨ ᠴᠢᠯᠡᠭᠡᠵᠦ ᠯᠡ ᠶᠠᠪᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号