ᠤᠷᠤᠯᠳᠤᠯᠭ᠎ᠠ ᠴᠢᠷᠮᠠᠶᠢᠯᠭ᠎ᠠ ᠰᠦᠪᠡᠭᠴᠢᠯᠡᠯᠲᠡ
ᠨᠡᠶᠢᠲᠡᠯᠡᠭᠰᠡᠨ ᠴᠠᠭ᠄
2025/1/15
   ᠣᠶᠢᠷ᠎ᠠ ᠶᠢᠨ ᠬᠡᠳᠦᠨ ᠵᠢᠯ ᠳᠤ᠂ ᠮᠠᠯᠴᠢᠳ ᠴᠡᠪᠡᠷ ᠪᠠᠶᠢᠭᠠᠯᠢᠯᠢᠭ ᠤᠯᠠᠭᠠᠨ ᠴᠠᠭᠠᠨ ᠢᠳᠡᠭᠡᠨ ᠢᠶᠠᠨ ᠵᠠᠬ᠎ᠠ ᠳᠡᠯᠭᠡᠭᠦᠷ ᠲᠤ ᠭᠠᠷᠭᠠᠨ ᠦᠨ᠎ᠡ ᠳᠤ ᠬᠦᠷᠭᠡᠬᠦ ᠠᠷᠭ᠎ᠠ ᠪᠤᠳᠣᠯᠭ᠎ᠠ ᠶᠢ ᠰᠦᠪᠡᠭᠴᠢᠯᠡᠨ᠂ ᠦᠪᠡᠷ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢᠶᠠᠨ ᠥᠪᠡᠷᠲᠡᠭᠡᠨ ᠪᠤᠷᠤᠯᠠᠭᠤᠯᠬᠤ ᠪᠠᠷ ᠬᠤᠲᠠ ᠤᠷᠤᠵᠤ ᠳᠡᠯᠭᠡᠭᠦᠷ ᠡᠷᠬᠢᠯᠡᠵᠦ ᠪᠠᠶᠢᠭ᠎ᠠ ᠶᠢᠨ ᠨᠢᠭᠡᠨ ᠪᠣᠯ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠪᠠᠷ ᠨᠤᠲᠤᠭ  ᠲᠠᠢ ᠮᠠᠯᠴᠢᠳ ᠵᠠᠯᠠᠭᠤ ᠳᠦᠭᠦᠷᠡᠩᠪᠢᠯᠢᠭ ᠪᠤᠯᠬᠤ ᠶᠤᠮ᠃ ᠲᠡᠷᠡᠪᠡᠷ 2024  ᠣᠨ ᠤ 10 ᠰᠠᠷ᠎ᠠ ᠠᠴᠠ ᠡᠬᠢᠯᠡᠨ ᠰᠢᠯᠢ ᠶᠢᠨ ᠬᠤᠲᠠ ᠳᠤ ︽ᠲᠡᠭᠡᠭ ᠠᠭᠤᠯᠠ ᠤᠠᠴᠠ ᠭᠠᠷᠤᠯᠲᠠ ᠶᠢᠨ ᠳᠡᠯᠭᠡᠭᠦᠷ︾ ᠢᠶᠠᠨ ᠨᠡᠭᠡᠭᠡᠨ ᠠᠵᠢᠯᠯᠠᠭᠤᠯᠤᠭᠠᠳ᠂ ᠤᠯᠠᠭᠠᠨ ᠴᠠᠭᠠᠨ ᠢᠳᠡᠭᠡᠨ᠂ ᠰᠢᠬᠠᠮᠠᠯ ᠪᠤᠷᠴᠠᠭ ᠤᠨ ᠲᠣᠰᠤ᠂ ᠠᠮᠤ ᠪᠤᠳᠠᠭ᠎ᠠ᠂ ᠨᠡᠷᠡᠮᠡᠯ ᠵᠡᠷᠭᠡ ᠴᠡᠪᠡᠷ ᠪᠠᠶᠢᠭᠠᠯᠢᠯᠢᠭ ᠪᠦᠲᠦᠭᠡᠭᠳᠡᠭᠦᠨ ᠢ ᠪᠤᠷᠤᠯᠠᠭᠤᠯᠤᠨ᠂ ᠬᠡᠷᠡᠭᠯᠡᠭᠴᠢᠳ ᠤᠨ ᠠᠩᠬᠠᠷᠤᠯ ᠢ ᠶᠡᠬᠡᠪᠡᠷ ᠳᠠᠲᠠᠵᠤ ᠪᠤᠷᠤᠯᠠᠭᠤᠯᠭ᠎ᠠ ᠰᠠᠶᠢᠳᠠᠢ ᠪᠠᠶᠢᠨ᠎ᠠ᠃    ᠳᠦᠭᠦᠷᠡᠩᠪᠢᠯᠢᠭ ᠠᠩᠬ᠎ᠠ ᠬᠤᠲᠠ ᠣᠷᠣᠵᠤ ᠠᠷᠠᠯᠵᠢᠶ᠎ᠠ ᠮᠠᠶᠢᠮᠠᠢ ᠡᠷᠬᠢᠯᠡᠬᠦ ᠳᠤ ᠪᠠᠨ ᠮᠠᠯ ᠤᠨ ᠮᠢᠬ᠎ᠠ ᠪᠠᠨ ᠪᠤᠷᠤᠯᠠᠭᠤᠯᠬᠤ ᠶᠢᠨ ᠲᠦᠯᠦᠭᠡ᠂ ᠮᠠᠰᠢᠨ ᠪᠠᠷᠢᠵᠤ ᠨᠡᠶᠢᠰᠯᠡᠯ ᠪᠡᠭᠡᠵᠢᠩ ᠬᠤᠲᠠ ᠶᠢ ᠵᠣᠷᠢᠨ ᠵᠠᠬ᠎ᠠ ᠵᠡᠭᠡᠯᠢ ᠶᠢᠨ ᠬᠤᠭᠤᠯᠠᠨ ᠭᠡᠷ ᠢ ᠳᠠᠷᠠᠭᠠᠯᠠᠨ ᠶᠠᠪᠤᠵᠤ ᠬᠦᠳᠡᠭᠡ ᠨᠤᠲᠤᠭ ᠤᠨ ᠴᠡᠪᠡᠷ ᠪᠠᠶᠢᠭᠠᠯᠢᠯᠢᠭ ᠮᠠᠯ ᠤᠨ ᠮᠢᠬ᠎ᠠ ᠪᠠᠨ ᠲᠠᠨᠢᠯᠴᠠᠭᠤᠯᠤᠨ ᠪᠤᠷᠤᠯᠠᠭᠤᠯᠵᠤ ᠪᠠᠶᠢᠭᠰᠠᠨ ᠦᠩᠭᠡᠷᠡᠯᠳᠡ ᠲᠠᠢ᠃ ᠲᠡᠷᠡᠪᠡᠷ ᠮᠦᠨ ᠣᠶᠢᠷ᠎ᠠ ᠶᠢᠨ ᠬᠤᠭᠤᠴᠠᠭᠠᠨ  ᠠᠴᠠ ᠴᠤᠤᠷᠢᠶ᠎ᠠ ᠳᠠᠪᠴᠠᠩ ᠢᠶᠠᠷ ᠰᠢᠭᠤᠳ ᠨᠡᠪᠲᠡᠷᠡᠭᠦᠯᠭᠡ ᠬᠢᠵᠦ᠂ ᠬᠥᠳᠡᠭᠡ ᠨᠤᠲᠤᠭ ᠤᠨ ᠢᠶᠠᠨ ᠲᠤᠬᠠᠢ᠂ ᠴᠤᠯ ᠪᠠᠶᠢᠭᠠᠯᠢᠯᠢᠭ ᠤᠯᠠᠭᠠᠨ ᠴᠠᠭᠠᠨ ᠢᠳᠡᠭᠡᠨ ᠤ ᠪᠠᠨ ᠲᠤᠬᠠᠢ ᠲᠠᠨᠢᠯᠴᠠᠭᠤᠯᠤᠨ ᠰᠦᠯᠵᠢᠶᠡᠨ ᠪᠤᠷᠤᠯᠠᠭᠤᠯᠭ᠎ᠠ ᠬᠢᠵᠦ ᠰᠦᠯᠵᠢᠶᠡᠨ ᠢᠷᠭᠡᠳ ᠤᠨ ᠠᠩᠬᠠᠷᠤᠯ ᠳᠤ ᠬᠦᠷᠴᠦ ᠪᠠᠶᠢᠨ᠎ᠠ᠃    ︽ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ︾ ᠭᠡᠳᠡᠭᠴᠢᠯᠡᠨ ᠳᠦᠭᠦᠷᠡᠩᠪᠢᠯᠢᠭ ᠤᠨ ᠰᠢᠨᠳᠠᠷᠠᠰᠢ ᠦᠭᠡᠢ ᠤᠷᠤᠯᠳᠤᠯᠭ᠎ᠠ ᠴᠢᠷᠮᠠᠶᠢᠯᠭ᠎ᠠ ᠨᠢ ᠲᠠᠯᠠᠭᠠᠷ ᠪᠣᠯᠤᠭ᠎ᠠ ᠦᠭᠡᠢ᠃ ᠬᠡᠳᠦᠶᠢᠪᠡᠷ ᠳᠡᠯᠭᠡᠭᠦᠷ ᠡᠷᠬᠢᠯᠡᠭᠡᠳ ᠬᠡᠳᠦᠬᠡᠨ ᠰᠠᠷ᠎ᠠ ᠪᠤᠯᠵᠤ ᠪᠠᠶᠢᠭ᠎ᠠ ᠪᠤᠯᠪᠠᠴᠤ ᠰᠠᠷ᠎ᠠ ᠳᠤ ᠪᠠᠨ ᠬᠠᠩᠭᠠᠮᠵᠢᠲᠠᠢ ᠠᠰᠢᠭ ᠤᠷᠤᠯᠭ᠎ᠠ ᠡᠬᠦᠳᠴᠦ᠂ ᠬᠦᠳᠡᠯᠮᠦᠷᠢ ᠵᠢᠳᠬᠦᠯ  ᠤᠨ ᠰᠠᠶᠢᠬᠠᠨ ᠢᠶᠠᠷ ᠪᠣᠰᠬᠠᠭᠰᠠᠨ ᠦᠢᠯᠡᠰ ᠢᠶᠠᠨ ᠴᠤᠭᠴᠠᠯᠠᠨ ᠭᠢᠯᠠᠷᠠᠭᠤᠯᠵᠤ ᠶᠠᠪᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号