ᠮᠠᠯ ᠬᠢᠮᠲᠠᠬᠠᠨ ᠪᠣᠯᠪᠠᠴᠦ ᠮᠥᠩᠬᠡᠲᠡᠮᠦᠷ ᠤᠨ ᠬᠢ ᠤᠷᠤᠯᠭ᠎ᠠ ᠪᠠᠭ᠎ᠠ ᠦᠭᠡᠢ
ᠨᠡᠶᠢᠲᠡᠯᠡᠭᠰᠡᠨ ᠴᠠᠭ᠄
2025/1/15
   ᠣᠶᠢᠷ᠎ᠠ ᠶᠢᠨ ᠬᠤᠶᠠᠷ ᠵᠢᠯ ᠤᠨ ᠮᠠᠯ ᠤᠨ ᠦᠨ᠎ᠡ ᠬᠠᠩᠰᠢ ᠲᠣᠭᠲᠠᠪᠤᠷᠢ ᠦᠭᠡᠢ ᠪᠠᠶᠢᠭ᠎ᠠ ᠪᠠᠶᠢᠳᠠᠯ ᠳᠤ ᠮᠠᠯ ᠠᠵᠤ ᠠᠬᠤᠢ ᠪᠠᠨ ᠬᠡᠪ ᠤᠨ ᠶᠠᠩᠵᠤ ᠪᠠᠷ ᠡᠷᠬᠢᠯᠡᠬᠦ ᠶᠢᠨ ᠳᠠᠭᠠᠤ ᠦᠪᠡᠷ ᠤᠨ ᠨᠦᠬᠦᠴᠡᠯ ᠪᠤᠯᠤᠯᠴᠠᠭ᠎ᠠ ᠳᠠᠭᠠᠨ ᠳᠤᠬᠢᠷᠠᠭᠤᠯᠤᠨ᠂ ᠰᠤᠯᠠ ᠰᠡᠯᠡᠭᠦᠦ ᠴᠠᠭ ᠢᠶᠠᠨ ᠠᠰᠢᠭᠯᠠᠨ᠂ ᠮᠠᠯᠵᠢᠯ ᠤᠨ ᠪᠤᠰᠤ ᠤᠷᠤᠯᠭ᠎ᠠ ᠡᠬᠦᠳᠴᠦ᠂ ᠠᠵᠤ ᠠᠮᠢᠳᠤᠷᠠᠯ ᠢᠶᠠᠨ ᠦᠭᠡᠳᠡ ᠨᠢ ᠲᠠᠲᠠᠵᠤ ᠶᠠᠪᠤᠭ᠎ᠠ ᠬᠦᠮᠦᠰ ᠤᠯᠠᠰᠢᠷᠠᠵᠤ ᠪᠤᠢ᠃ ᠲᠡᠭᠦᠨ ᠤ ᠨᠢᠭᠡ ᠪᠣᠯ ᠠᠪᠠᠭ᠎ᠠ ᠬᠤᠰᠢᠭᠤᠨ ᠤ ᠬᠤᠩᠭᠤᠷᠭᠤᠤᠯ ᠪᠠᠯᠭᠠᠰᠤᠨ ᠤ ᠭᠠᠩᠭᠠᠩᠰᠢᠯᠢ ᠭᠠᠴᠠᠭᠠᠨ ᠤ ᠮᠠᠯᠴᠢᠨ ᠮᠦᠩᠬᠡᠲᠡᠮᠦᠷ ᠪᠤᠯᠤᠨ᠎ᠠ᠃ ᠭᠠᠩᠭᠠᠩᠰᠢᠯᠢ ᠭᠠᠴᠠᠭ᠎ᠠ ᠬᠤᠷᠢ ᠭᠠᠷᠤᠢ ᠲᠦᠮᠡᠨ ᠮᠦ ᠬᠠᠮᠲᠤ ᠶᠢᠨ ᠬᠠᠳᠤᠯᠠᠩ ᠤᠨ ᠲᠠᠯᠠᠪᠠᠢ ᠲᠠᠢ ᠪᠤᠯᠬᠤᠷ ᠡᠭᠦᠨ ᠤ ᠬᠠᠳᠤᠬᠤ᠂ ᠪᠤᠭᠤᠵᠢᠯᠠᠬᠤ᠂ ᠲᠡᠭᠡᠭᠡᠬᠦ ᠠᠵᠢᠯ ᠨᠢ ᠪᠦᠬᠦ ᠭᠠᠴᠠᠭᠠᠨ ᠤ ᠮᠠᠯᠴᠢᠳ ᠤᠨ ᠤᠷᠤᠯᠭ᠎ᠠ ᠤᠯᠬᠤ ᠰᠠᠶᠢᠬᠠᠨ ᠲᠤᠬᠢᠶᠠᠯ ᠪᠤᠯᠳᠠᠭ᠃ ᠲᠡᠷᠡ ᠦᠩᠭᠡᠷᠡᠬᠦ ᠨᠠᠮᠤᠷ ᠬᠤᠶᠠᠷ ᠬᠤᠣᠰ ᠬᠢᠲᠤᠭ᠎ᠠ ᠲᠠᠢ ᠬᠠᠳᠤᠵᠤ ᠬᠠᠮᠤᠬᠤ ᠮᠠᠰᠢᠨ ᠪᠤᠯᠤᠨ 6.8 ᠮᠧᠲᠷ ᠤᠨ ᠲᠠᠷᠢᠶᠠᠯᠠᠩ ᠤᠨ ᠮᠠᠰᠢᠨ᠂  ᠪᠤᠰᠣᠳ ᠲᠠᠢ ᠬᠠᠮᠲᠤᠷᠠᠵᠤ ᠠᠪᠤᠭᠰᠠᠨ ᠡᠪᠡᠰᠦ ᠪᠤᠭᠤᠵᠢᠯᠠᠳᠠᠭ ᠮᠠᠰᠢᠨ ᠢᠶᠠᠷ ᠢᠶᠠᠨ ᠬᠤᠶᠠᠷ ᠰᠠᠷ᠎ᠠ ᠰᠢᠬᠠᠮ ᠤᠨ ᠬᠤᠭᠤᠴᠠᠭᠠᠨ ᠳᠤ ᠬᠠᠮᠲᠤ ᠶᠢᠨ ᠬᠠᠳᠤᠯᠠᠩ ᠢ ᠬᠠᠲᠤᠵᠤ ᠲᠡᠭᠡᠭᠡᠬᠦ ᠪᠤᠭᠤᠵᠢᠯᠠᠬᠤ ᠠᠵᠢᠯ ᠳᠤ ᠤᠷᠤᠯᠴᠠᠭᠠᠳ ᠠᠷᠪᠠ ᠭᠠᠷᠣᠢ ᠲᠦᠮᠡᠨ ᠲᠦᠭᠦᠷᠢᠭ ᠤᠨ ᠴᠡᠪᠡᠷ ᠤᠷᠤᠯᠭ᠎ᠠ ᠡᠬᠦᠳᠪᠠ᠃    — ᠪᠢ ᠡᠪᠡᠰᠦ ᠬᠠᠳᠤᠭᠠᠳ ᠬᠤᠷᠢ ᠰᠢᠬᠠᠮ ᠵᠢᠯ ᠤᠨ ᠨᠢᠭᠤᠷ ᠦᠵᠡᠵᠦ ᠪᠤᠢ᠃ ᠬᠠᠮᠤᠭ ᠤᠨ ᠠᠩᠬ᠎ᠠ ᠨᠢᠭᠡ ᠵᠢᠵᠢᠭ ᠲᠷᠠᠺᠲ᠋ᠣᠷ ᠪᠤᠯᠤᠨ ᠬᠠᠳᠤᠵᠤ ᠬᠠᠮᠤᠬᠤ ᠮᠠᠰᠢᠨ ᠬᠤᠳᠠᠯᠳᠤᠨ ᠠᠪᠴᠤ᠂ ᠬᠠᠳᠤᠯᠠᠩ ᠬᠠᠳᠤᠭᠠᠳ ᠥᠪᠡᠷ ᠤᠨ ᠢᠶᠠᠨ ᠮᠠᠯ ᠳᠠᠭᠠᠨ ᠬᠡᠷᠡᠭᠯᠡᠬᠦ ᠡᠪᠡᠰᠦ ᠪᠠᠨ ᠣᠯᠵᠤ ᠪᠠᠶᠢᠪᠠ᠃ 2016  ᠣᠨ ᠳᠤ ᠮᠠᠨ ᠤ ᠭᠠᠴᠠᠭᠠᠨ ᠤ 29  ᠲᠦᠮᠡᠨ ᠮᠦ ᠬᠠᠳᠤᠯᠠᠩ ᠤᠨ ᠲᠠᠯᠠᠪᠠᠢ ᠪᠠᠨ ᠪᠤᠴᠠᠭᠠᠨ ᠠᠪᠴᠢᠷᠠᠵᠤ᠂ ᠳᠤᠯᠤᠭᠠᠨ ᠲᠦᠮᠡᠨ ᠮᠦ ᠶᠢ ᠨᠢ ᠮᠠᠯᠴᠢᠳ ᠲᠠᠭᠠᠨ ᠬᠤᠪᠢᠶᠠᠨ ᠥᠭᠴᠦ᠂ ᠦᠯᠡᠳᠡᠭᠰᠡᠨ 20  ᠭᠠᠷᠣᠢ ᠲᠦᠮᠡᠨ ᠮᠦ ᠶᠢ ᠨᠢ ᠭᠠᠴᠠᠭ᠎ᠠ ᠦᠪᠡᠷ ᠢᠶᠠᠨ ᠡᠵᠡᠩᠨᠡᠬᠦ ᠪᠤᠯᠤᠭᠰᠠᠨ᠃ ᠲᠡᠷᠡ ᠵᠢᠯ ᠲᠠᠪᠤᠨ ᠳ᠋ᠠᠩ ᠬᠢᠲᠤᠭ᠎ᠠ ᠲᠠᠢ ᠬᠠᠲᠤᠵᠤ ᠬᠠᠮᠤᠬᠤ ᠮᠠᠰᠢᠨ  ᠠᠪᠴᠦ ᠤᠷᠤᠯᠭ᠎ᠠ ᠤᠯᠵᠦ ᠡᠬᠢᠯᠡᠭᠰᠡᠨ ᠪᠢᠯᠡ᠃  ᠲᠡᠷᠡ ᠦᠶ᠎ᠡ ᠳᠤ ᠡᠪᠡᠰᠦ ᠬᠠᠳᠤᠵᠦ ᠬᠠᠮᠤᠬᠤ ᠮᠠᠰᠢᠨ ᠴᠦᠬᠡᠨ ᠪᠤᠯᠬᠤᠷ ᠡᠪᠡᠰᠦ ᠴᠠᠶᠢᠳᠠᠯ᠎ᠠ ᠬᠡᠳᠦᠢ ᠬᠠᠳᠤᠵᠤ ᠳᠡᠶᠢᠯᠪᠡᠯ ᠲᠡᠳᠦᠢ ᠬᠠᠳᠤᠳᠠᠭ ᠪᠠᠶᠢᠭᠰᠠᠨ᠃ ᠣᠳᠤ ᠬᠠᠳᠤᠵᠤ ᠬᠠᠮᠤᠬᠤ ᠮᠠᠰᠢᠨ ᠤᠯᠠᠰᠢᠷᠠᠭᠰᠠᠨ ᠠᠴᠠ ᠭᠠᠴᠠᠭᠠᠨ ᠤ ᠬᠠᠮᠲᠤ ᠶᠢᠨ ᠬᠠᠳᠤᠯᠠᠩ ᠤᠨ ᠲᠠᠯᠠᠪᠠᠢ ᠠᠴᠠ ᠬᠠᠮᠤᠭ ᠤᠨ ᠶᠡᠭᠡ ᠳᠡᠭᠡᠨ 5000 ᠮᠦ ᠥᠭᠴᠦ ᠬᠠᠳᠤᠭᠤᠯᠬᠤ ᠪᠤᠯᠤᠭᠰᠠᠨ ᠠᠴᠠ ᠪᠢ ᠬᠠᠭᠤᠴᠢᠨ ᠮᠠᠰᠢᠨ ᠢᠶᠠᠨ ᠪᠦᠬᠦᠨ ᠢ ᠰᠢᠢᠳᠪᠦᠷᠢᠯᠡᠵᠦ᠂ ᠳᠠᠬᠢᠨ ᠬᠤᠶᠠᠷ ᠰᠢᠨ᠎ᠡ ᠬᠤᠣᠰ ᠬᠢᠲᠤᠭᠠᠲᠤ ᠬᠠᠳᠤᠵᠤ ᠬᠠᠮᠤᠬᠤ ᠮᠠᠰᠢᠨ ᠠᠪᠴᠦ᠂ ᠨᠢᠭᠡ ᠬᠦᠮᠦᠨ ᠬᠦᠯᠦᠰᠦᠯᠡᠴᠢᠬᠡᠬᠡᠳ ᠬᠠᠮᠳᠤ ᠶᠢᠨ ᠪᠠ ᠬᠤᠪᠢ ᠠᠶᠢᠯ ᠤᠨ ᠬᠠᠳᠤᠯᠠᠩ ᠨᠡᠶᠢᠯᠡᠭᠡᠳ 8000  ᠮᠦ ᠡᠪᠡᠰᠦ ᠬᠠᠳᠤᠵᠤ᠂ ᠠᠯᠢ ᠪᠠᠶᠢᠭᠰᠠᠨ ᠵᠠᠷᠣᠳᠠᠯ ᠢᠶᠠᠨ ᠭᠠᠷᠭᠠᠭᠠᠳ ᠳᠦᠷᠪᠡᠨ ᠲᠦᠮᠡᠨ ᠲᠦᠭᠦᠷᠢᠭ ᠤᠨ ᠴᠡᠪᠡᠷ ᠤᠷᠤᠯᠭ᠎ᠠ ᠤᠯᠤᠭᠰᠠᠨ᠂ ᠡᠪᠡᠰᠦ ᠲᠡᠭᠡᠭᠡᠭᠡᠳ ᠬᠤᠶᠠᠷ ᠲᠦᠮᠡ᠂ ᠡᠪᠡᠰᠦ ᠪᠤᠭᠤᠵᠢᠯᠠᠭᠠᠳ ᠲᠠᠪᠤᠨ ᠲᠦᠮᠡ᠂ ᠪᠦᠬᠦ ᠨᠡᠶᠢᠲᠡ ᠠᠷᠪᠠ ᠭᠠᠷᠤᠢ ᠲᠦᠮᠡᠨ ᠲᠦᠭᠦᠷᠢᠭ ᠤᠨ ᠤᠷᠤᠯᠭ᠎ᠠ ᠲᠠᠢ᠃ ᠮᠠᠨ ᠤ ᠭᠠᠴᠠᠭᠠᠨ ᠤ ᠬᠠᠮᠲᠤ ᠶᠢᠨ ᠬᠠᠳᠤᠯᠠᠩ ᠤᠨ ᠲᠠᠯᠠᠪᠠᠢ ᠴᠢᠨᠢ ᠭᠤᠶᠤ ᠰᠢᠦ᠂ ᠮᠠᠯᠴᠢᠳ ᠨᠠᠮᠤᠷ ᠲᠠᠭᠠᠨ ᠬᠦᠳᠡᠯᠮᠦᠷᠢᠯᠡᠭᠰᠡᠨ ᠤ ᠪᠠᠨ ᠬᠢᠷᠢ ᠪᠠᠷ ᠠᠰᠢᠭ ᠬᠦᠷᠲᠡᠭᠡᠴᠢᠬᠡᠬᠦ ᠪᠠᠷ ᠪᠠᠷᠠᠬᠤ ᠦᠭᠡᠢ ᠬᠤᠪᠢᠴᠠᠭᠠᠲᠤ ᠬᠤᠷᠰᠢᠶᠠᠵᠢᠯ ᠤᠨ ᠬᠤᠪᠢ ᠪᠦᠬᠦᠨ ᠳᠡᠭᠡᠨ ᠳᠦᠷᠪᠡᠨ ᠳᠤᠨ ᠡᠪᠡᠰᠦ ᠶᠢ ᠶᠠᠮᠠᠷ ᠴᠦ ᠦᠨ᠎ᠡ ᠲᠦᠯᠦᠪᠦᠷᠢ ᠦᠭᠳᠡᠭ᠃ ᠡᠶᠢᠮᠦ ᠰᠠᠶᠢᠬᠠᠨ ᠨᠦᠬᠦᠴᠡᠯ ᠪᠤᠯᠤᠴᠠᠭ᠎ᠠ ᠶᠢ ᠬᠠᠩᠭᠠᠵᠤ ᠪᠠᠶᠢᠬᠤ ᠳᠤ ᠪᠢᠳᠡ ᠴᠢᠷᠮᠠᠶᠢᠬᠤ ᠦᠭᠡᠢ ᠪᠤᠯᠤᠨ᠎ᠠ ᠦᠦ ᠭᠡᠵᠦ ᠮᠦᠩᠬᠡᠲᠡᠮᠦᠷ ᠪᠠᠶᠠᠷᠲᠠᠶᠢᠬᠠᠨ ᠤᠴᠢᠷᠯᠠᠯ᠎ᠠ᠃    ᠡᠨᠡ ᠬᠤᠶᠠᠷ ᠵᠢᠯ ᠰᠠᠶᠢᠨ ᠲᠤᠭᠤᠯ ᠢ ᠬᠤᠳᠠᠯᠳᠤᠪᠠᠯ ᠡᠬᠡ ᠶᠢᠨ ᠢᠶᠠᠨ ᠨᠢᠭᠡ ᠡᠪᠦᠯ ᠬᠠᠪᠤᠷ ᠤᠨ ᠢᠳᠡᠭᠰᠡᠨ ᠡᠪᠡᠰᠦ ᠪᠤᠷᠳᠤᠭᠠᠨ ᠤ ᠵᠤᠭᠤᠰ ᠢ ᠤᠯᠴᠢᠬᠠᠨ᠎ᠠ᠂ ᠠᠨᠠᠢ ᠲᠤᠭᠤᠯ ᠨᠢ ᠰᠠᠶᠢᠨ ᠬᠤᠷᠠᠭᠠᠨ ᠤ ᠦᠨ᠎ᠡ ᠳᠠᠭᠠᠭᠠᠬᠤ ᠦᠭᠡᠢ ᠪᠠᠶᠢᠨ᠎ᠠ᠃ ᠡᠶᠢᠮᠦ ᠪᠠᠶᠢᠳᠠᠯ ᠳᠤ ᠮᠠᠯᠴᠢᠳ ᠦᠬᠡᠷ᠎ᠡ ᠠᠷᠭ᠎ᠠ ᠵᠠᠮ ᠢᠶᠠᠷ ᠤᠷᠤᠯᠭ᠎ᠠ ᠪᠠᠨ ᠨᠡᠮᠡᠭᠳᠡᠬᠦᠯᠬᠦ ᠤᠬᠠᠭᠠᠨ ᠰᠤᠪᠢᠬᠤ ᠨᠢ ᠵᠦᠪ ᠶᠤᠮ᠃ 2024  ᠣᠨ ᠤ 5  ᠰᠠᠷ᠎ᠠ ᠶᠢᠨ 1 ᠠᠴᠠ  ᠮᠦᠩᠬᠡᠲᠡᠮᠦᠷ ᠤᠨ ᠪᠦᠰᠡᠭᠦᠢ ᠬᠠᠭᠤᠴᠢᠨ ᠬᠠᠨ ᠠᠭᠤᠯᠠ ᠰᠤᠮᠤᠨ ᠤ ᠲᠥᠪ ᠲᠤ ᠪᠤᠰᠤᠳ ᠲᠠᠢ ᠬᠤᠷᠰᠢᠨ ᠬᠤᠭᠤᠯᠠᠨ ᠭᠡᠷ᠂ ᠪᠦᠵᠢᠭ ᠤᠨ ᠲᠢᠩᠬᠢᠮ ᠡᠷᠬᠢᠯᠡᠵᠦ ᠡᠵᠡᠩᠨᠡᠭᠡᠳ ᠤᠬᠤᠷᠬᠠᠨ ᠲᠠᠪᠤᠨ ᠰᠠᠷ᠎ᠠ ᠶᠢᠨ ᠬᠤᠭᠤᠴᠠᠭᠠᠨ ᠳᠤ ᠲᠠᠪᠤᠨ ᠲᠦᠮᠡᠨ ᠲᠦᠭᠦᠷᠢᠭ ᠤᠷᠤᠯᠭ᠎ᠠ ᠡᠬᠦᠳᠦᠭᠰᠡᠨ ᠪᠠᠶᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号