12 ᠰᠠᠷ᠎ᠠ ᠶᠢᠨ 31 ᠤ ᠡᠳᠦᠷ᠂ ᠠᠪᠠᠭ᠎ᠠ ᠬᠤᠰᠢᠭᠤᠨ ᠤ ᠯᠦᠩ ᠰᠢᠩ ᠠᠭᠤᠷᠬᠠᠶ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠠᠨᠲᠤᠭ ᠰᠤᠮᠤᠨ ᠤ ᠨᠤᠮᠤᠭᠠᠨ ᠭᠠᠴᠠᠭᠠᠨ ᠤ 65 ᠮᠠᠯᠵᠢᠬᠤ ᠡᠷᠦᠬᠡ ᠳᠤ | 70 ᠲᠣᠨ ᠲᠡᠵᠢᠭᠡᠯ ᠪᠣᠷᠳᠤᠭ᠎ᠠ ᠬᠠᠨᠳᠢᠪᠯᠠᠵᠤ᠂ ᠮᠠᠯᠴᠢᠳ ᠤᠨ ᠮᠠᠯ ᠤᠨᠤᠭᠠᠨ ᠤ ᠡᠪᠦᠯ ᠬᠠᠪᠤᠷ ᠢ ᠮᠡᠨᠳᠦ | ᠲᠤᠭᠤᠯᠬᠤ ᠳᠤ ᠨᠠᠮᠠᠷᠢ ᠬᠦᠴᠦᠨ ᠪᠤᠯᠤᠭᠰᠠᠨ ᠪᠠᠶᠢᠨ᠎ᠠ᠃ | ᠲᠡᠵᠢᠭᠡᠯ ᠪᠣᠷᠳᠤᠭ᠎ᠠ ᠲᠠᠷᠬᠠᠭᠠᠬᠤ ᠠᠬᠤᠢ ᠲᠠᠯᠠᠪᠠᠢ ᠳᠤ᠂ ᠮᠠᠯᠴᠢᠳ ᠡᠮᠬᠢ ᠵᠢᠷᠤᠮ ᠲᠠᠢ ᠪᠠᠷ ᠳᠠᠩᠰᠠᠯᠠᠭᠤᠯᠵᠤ᠂ | ᠲᠡᠭᠡᠭᠡᠵᠦ ᠵᠦᠭᠡᠭᠡᠪᠦᠷᠢᠯᠡᠨ᠎ᠡ᠃ ᠲᠡᠵᠢᠭᠡᠯ ᠪᠤᠷᠳᠤᠭᠠᠨ ᠤ ᠬᠠᠨᠳᠢᠪ ᠲᠤᠰᠤᠭᠰᠠᠨ ᠮᠠᠯᠴᠢᠳ ᠤᠨ ᠨᠢᠳᠦᠨ ᠳᠤ ᠪᠠᠶᠠᠷ | ᠲᠠᠯᠠᠷᠬᠠᠯ ᠤᠨ ᠰᠡᠳᠬᠢᠯᠭᠡ ᠢᠯᠡᠭᠡᠨ ᠪᠠᠶᠢᠯ᠎ᠠ᠃ | ᠨᠤᠮᠤᠭᠠᠨ ᠭᠠᠴᠠᠭᠠᠨ ᠤ ᠨᠠᠮ ᠤᠨ ᠡᠭᠦᠷ᠂ ᠮᠠᠯᠴᠢᠳ ᠤᠨ ᠵᠥᠪᠯᠡᠯ ᠠᠴᠠ ᠮᠠᠯᠴᠢᠨ ᠲᠦᠮᠡᠨ ᠢᠶᠠᠨ ᠲᠥᠯᠥᠭᠡᠯᠡᠨ | ᠯᠦᠩ ᠰᠢᠩ ᠠᠭᠤᠷᠬᠠᠶ ᠶᠢᠨ ᠦᠢᠯᠡᠰ ᠤᠨ ᠺᠤᠮᠫᠠᠨᠢ ᠳᠤ ᠬᠡᠮᠡᠷᠯᠢᠭ ᠲᠤᠭ ᠬᠦᠷᠭᠡᠨ ᠲᠠᠯᠠᠷᠬᠠᠯ ᠤᠨ ᠰᠡᠳᠬᠢᠯ ᠢᠶᠠᠨ | ᠢᠯᠡᠷᠭᠡᠶᠢᠯᠡᠪᠡ᠃ ᠡᠨᠡᠬᠦ ᠠᠵᠢᠯᠯᠠᠭ᠎ᠠ ᠨᠢ ᠵᠥᠪᠬᠡᠨ ᠨᠢᠭᠡ ᠤᠳᠠᠭᠠᠨ ᠤ ᠡᠳ᠋ ᠪᠣᠳᠠᠰ ᠤᠨ ᠬᠠᠨᠳᠢᠪᠯᠠᠯ ᠲᠡᠳᠦᠢ ᠪᠢᠰᠢ᠂ | ᠨᠠᠩ ᠴᠤ ᠠᠵᠦ ᠠᠬᠤᠶᠢᠯᠠᠯ ᠪᠠ ᠮᠠᠯᠴᠢᠳ ᠤᠨ ᠬᠤᠭᠤᠷᠤᠨᠳᠤᠬᠢ ᠭᠦᠨ ᠵᠤᠵᠠᠭᠠᠨ ᠨᠥᠬᠦᠷᠯᠡᠯ ᠤᠨ ᠰᠡᠳᠬᠢᠯᠭᠡ᠂ | ᠮᠦᠨᠴᠦ ᠮᠠᠯᠴᠢᠳ ᠤᠨ ᠰᠢᠷᠭᠠᠭᠤ ᠴᠢᠷᠮᠠᠶᠢᠯᠭ᠎ᠠ ᠶᠢ ᠬᠦᠨᠳᠦᠳᠬᠡᠨ ᠲᠡᠮᠵᠢᠭᠰᠡᠨ ᠯᠦᠩ ᠰᠢᠩ ᠠᠭᠤᠷᠬᠠᠶ ᠶᠢᠨ | ᠦᠢᠯᠡᠰ ᠤᠨ ᠺᠤᠮᠫᠠᠨᠢ ᠶᠢᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡᠯᠡᠯ ᠢ ᠬᠠᠷᠠᠭᠤᠯᠵᠦ᠂ ᠮᠠᠯ ᠠᠵᠤ ᠠᠬᠤᠶ ᠶᠢᠨ | ᠬᠥᠭᠵᠢᠯᠲᠡ ᠳᠤ ᠬᠠᠨᠳᠤᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠨᠢᠭᠲᠠᠷᠠᠭᠤᠯᠵᠤ ᠪᠠᠶᠢᠯ᠎ᠠ᠃ | ᠯᠦᠩ ᠰᠢᠩ ᠠᠭᠤᠷᠬᠠᠶ ᠶᠢᠨ ᠦᠢᠯᠡᠰ ᠤᠨ ᠺᠤᠮᠫᠠᠨᠢ ᠶᠢᠨ ᠡᠨᠡᠬᠦ ᠪᠤᠶᠠᠨᠰᠠᠭ ᠠᠵᠢᠯᠯᠠᠭ᠎ᠠ ᠨᠢ ᠡᠪᠦᠯ ᠤᠨ | ᠤᠯᠠᠷᠢᠯ ᠤᠨ ᠲᠡᠵᠢᠭᠡᠯ ᠪᠣᠷᠳᠤᠭ᠎ᠠ ᠬᠦᠷᠦᠯᠴᠡᠭᠡ ᠪᠠᠷ ᠪᠠᠷᠤᠭᠳᠠᠢ ᠮᠠᠯᠴᠢᠳ ᠤᠨ ᠲᠤᠯᠭᠠᠮ᠎ᠠ ᠠᠰᠠᠭᠤᠳᠠᠯ ᠢ | ᠰᠢᠢᠳᠪᠤᠷᠢᠯᠡᠭᠰᠡᠨ ᠢᠶᠠᠷ ᠪᠠᠷᠠᠬᠤ ᠥᠬᠡᠶ ᠪᠠᠰᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ | ᠦᠢᠯᠡᠳᠦᠯᠭᠡᠵᠢᠬᠦᠯᠵᠦ ᠪᠠᠶᠢᠭ᠎ᠠ ᠶᠢ ᠬᠠᠷᠠᠭᠤᠯᠪᠠ᠃ ᠬᠠᠬᠢᠷ ᠬᠦᠢᠲᠡᠨ ᠡᠪᠦᠯ ᠤᠨ ᠤᠯᠠᠷᠢᠯ ᠳᠤ᠂ ᠡᠨᠡᠬᠦ ᠠᠵᠢᠯᠯᠠᠭ᠎ᠠ | ᠨᠢ ᠮᠠᠯᠴᠢᠳ ᠤᠨ ᠰᠡᠳᠬᠢᠯ ᠢ ᠲᠤᠯᠠᠭᠠᠴᠠᠭᠤᠯᠵᠦ᠂ ᠲᠡᠳᠡᠨ ᠳᠤ ᠬᠦᠰᠡᠯ ᠡᠷᠡᠮᠡᠯᠵᠡᠯ ᠪᠠ ᠬᠦᠴᠦᠨ ᠵᠤᠷᠢᠭ | ᠣᠯᠭᠤᠭᠰᠠᠨ ᠪᠠᠶᠢᠨ᠎ᠠ᠃ ᠯᠦᠩ ᠰᠢᠩ ᠠᠭᠤᠷᠬᠠᠶ ᠶᠢᠨ ᠦᠢᠯᠡᠰ ᠤᠨ ᠬᠠᠷᠠᠮ ᠦᠭᠡᠢ ᠬᠠᠨᠳᠢᠪᠯᠠᠯ ᠨᠢ ᠨᠤᠮᠤᠭᠠᠨ | ᠭᠠᠴᠠᠭᠠᠨ ᠤ ᠮᠠᠯ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠤ᠂ ᠮᠠᠯᠵᠢᠬᠤ ᠣᠷᠣᠨ ᠤ ᠡᠶ᠎ᠡ | ᠵᠣᠬᠢᠴᠠᠯ ᠪᠠ ᠬᠥᠭᠵᠢᠯ ᠴᠡᠴᠡᠭᠯᠡᠯ ᠳᠤ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠪᠤᠯᠤᠨ᠎ᠠ᠃ |