ᠠᠪᠠᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠰᠢᠨ᠎ᠡ ᠣᠨ ᠢᠶᠠᠨ ᠬᠦᠭᠵᠢᠯᠳᠠᠢ ᠤᠭᠳᠤᠯ᠎ᠠ
ᠨᠡᠶᠢᠲᠡᠯᠡᠭᠰᠡᠨ ᠴᠠᠭ᠄
2025/1/7
   2024 ᠣᠨ ᠤ 12 ᠰᠠᠷ᠎ᠠ ᠶᠢᠨ 31 ᠤ ᠡᠳᠦᠷ᠂ ᠬᠠᠭᠤᠴᠢᠨ ᠵᠢᠯ ᠢᠶᠠᠨ ᠠᠮᠵᠢᠯᠳᠠ ᠲᠡᠬᠦᠯᠳᠡᠷ ᠦᠳᠡᠵᠦ᠂ ᠰᠢᠨ᠎ᠡ ᠣᠨ ᠢᠶᠠᠨ ᠪᠠᠶᠠᠷ ᠪᠠᠶᠠᠰᠬᠤᠯᠠᠩ ᠲᠠᠢ ᠤᠭᠳᠤᠬᠤ ᠲᠠᠰᠢᠷᠠᠮ ᠢᠶᠠᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠡᠯ᠎ᠡ ᠰᠤᠮᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ  ᠰᠠᠯᠪᠤᠷᠢ ᠲᠠᠢ ᠬᠠᠮᠲᠤᠷᠠᠨ ︽ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤ ᠰᠢᠨ᠎ᠡ ᠤᠨ ᠢᠶᠠᠨ  ᠤᠭᠲᠤᠶ᠎ᠠ︾ ᠭᠤᠤᠯ ᠰᠡᠳᠦᠪᠲᠦ ᠠᠵᠢᠯᠯᠠᠭ᠎ᠠ ᠡᠷᠬᠢᠯᠡᠵᠦ᠂ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠰᠠᠯᠪᠤᠷᠢ ᠲᠦᠪ ᠲᠤ ᠬᠦᠭᠵᠢᠯᠳᠠᠢ ᠶᠠᠪᠤᠭᠳᠠᠯ᠎ᠠ᠃    ᠡᠯ᠎ᠡ ᠰᠤᠮᠤ ᠪᠠᠯᠭᠠᠰᠤ ᠡᠯ᠎ᠡ ᠭᠠᠴᠠᠭᠠᠨ ᠤ ᠠᠪᠢᠶᠠᠰᠯᠢᠭ ᠮᠠᠯᠴᠢᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠥᠪᠡᠷ ᠦᠪᠡᠷᠰᠡᠳ ᠤᠨ ᠤᠷ᠎ᠠ ᠠᠪᠢᠶᠠᠰ ᠢᠶᠠᠨ  ᠪᠠᠳᠠᠷᠠᠭᠤᠯᠤᠨ᠂ ᠠᠵᠢᠯᠯᠠᠭᠠᠨ ᠤ ᠠᠬᠤᠢ ᠲᠠᠯᠠᠪᠠᠢ ᠬᠦᠭᠵᠢᠶᠠᠨ ᠨᠠᠷᠬᠢᠶᠠᠨ ᠢᠶᠠᠷ ᠪᠢᠯᠬᠠᠮ᠎ᠠ ᠪᠠᠶᠢᠯ᠎ᠠ᠃ ᠢᠷᠠᠭᠤ  ᠰᠤᠨᠤᠰᠬᠤᠯᠠᠩᠳᠦ ᠤᠷᠲᠤ ᠶᠢᠨ ᠳᠠᠭᠤᠤ᠂ ᠡᠭᠡᠰᠢᠭᠯᠡᠩᠳᠦ ᠰᠠᠶᠢᠬᠠᠨ ᠤᠶᠠᠩᠭ᠎ᠠ ᠳᠠᠭᠤᠤ᠂  ᠤᠷᠠᠨ ᠪᠥᠵᠢᠭ ᠂ ᠮᠤᠷᠢᠨ ᠬᠤᠭᠤᠷ ᠤᠨ ᠠᠶ᠎ᠠ ᠵᠡᠷᠭᠡ ᠲᠤᠭᠯᠠᠯᠳᠠ ᠵᠠᠯᠭᠠᠭ᠎ᠠ ᠪᠠᠷ  ᠲᠠᠶᠢᠰᠠᠨ ᠳᠤ ᠬᠡᠷᠡᠯᠳᠦᠨ᠂ ᠦᠨᠳᠦᠰᠦᠲᠡᠨ ᠤ ᠵᠠᠩ ᠠᠭᠠᠯᠢ ᠪᠣᠯᠤᠨ ᠭᠠᠵᠠᠷ ᠣᠷᠣᠨ ᠤ ᠣᠨᠴᠠᠯᠢᠭ ᠢ ᠢᠯᠡᠷᠡᠭᠦᠯᠵᠦ᠂ ᠦᠵᠡᠭᠴᠢᠳ ᠤᠨ ᠰᠡᠳᠬᠢᠯ ᠤᠨ ᠬᠦᠪᠴᠢ ᠶᠢ ᠲᠤᠷᠬᠢᠭᠤᠯᠵᠤ ᠪᠢᠯᠡ᠃    ᠠᠵᠢᠯᠯᠠᠭᠠᠨ ᠤ ᠪᠠᠰᠠ ᠨᠢᠭᠡ ᠠᠭᠤᠯᠭ᠎ᠠ ᠪᠠᠷ ᠶᠠᠪᠤᠭᠳᠠᠭᠰᠠᠨ ᠰᠤᠨᠢᠷᠬᠠᠯᠳᠦ ᠲᠤᠭᠯᠠᠭᠠᠮ ᠤᠳ ᠨᠢ ᠨᠠᠩ ᠴᠤ ᠠᠬᠤᠢ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃ ︽ᠭᠠᠯᠲᠤ ᠲᠡᠷᠭᠡ︾ ᠶᠢᠨ ᠤᠷᠤᠯᠳᠤᠭᠠᠨ ᠤ ᠳᠤᠮᠳᠠ᠂ ᠣᠷᠣᠯᠴᠠᠭᠴᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠯᠬᠤᠭ᠎ᠠ ᠨᠢᠭᠡᠲᠡᠢ ᠪᠠᠶᠢᠵᠤ᠂ ᠪᠠᠶᠠᠷᠯᠠᠯᠳᠤᠨ ᠢᠨᠢᠶᠡᠯᠳᠦᠬᠦ ᠳᠠᠭᠤᠨ ᠤ ᠳᠤᠮᠳᠠ ᠪᠦᠯᠬᠦᠮ ᠨᠡᠶᠢᠲᠡ ᠶᠢᠨ ᠬᠠᠮᠵᠢᠯᠴᠠᠬᠤ ᠬᠦᠴᠦᠨ ᠢ ᠬᠠᠷᠠᠭᠤᠯᠤᠨ᠎ᠠ︔ ︽ᠴᠤᠮᠤ  ᠪᠤᠯᠢᠶᠠᠬᠤ︾ ᠲᠣᠭᠯᠠᠭᠠᠮ  ᠳᠤ ᠤᠷᠤᠯᠴᠠᠭᠰᠠᠳ ᠠᠩᠬᠠᠷᠣᠯ ᠢᠶᠠᠨ ᠲᠦᠪᠯᠡᠷᠡᠬᠦᠯᠦᠨ᠂ ᠬᠦᠳᠡᠯᠭᠡᠭᠡᠨ ᠯᠠᠪᠳᠠᠭᠤᠨ ᠲᠦᠷᠭᠡᠨ  ᠪᠠᠶᠢᠬᠤ ᠶᠢ ᠬᠢᠴᠢᠶᠡᠨ᠂ ᠪᠠᠴᠢᠮ ᠰᠡᠳᠡᠯᠳᠡ ᠲᠠᠢ ᠠᠭᠤᠷ ᠠᠮᠢᠰᠬᠤᠯ ᠨᠢ ᠬᠦᠮᠦᠰ ᠤᠨ ᠤᠷᠮ᠎ᠠ ᠶᠢ ᠬᠦᠭᠵᠢᠭᠡᠨ᠎ᠡ︔ ᠮᠡᠳᠡᠯᠭᠡ ᠶᠢᠨ ᠤᠷᠤᠯᠳᠤᠭᠠᠨ ᠨᠢ ᠨᠠᠮ ᠤᠨ ᠲᠥᠷᠥ ᠶᠢᠨ ᠪᠣᠳᠣᠯᠭ᠎ᠠ᠂ ᠤᠯᠠᠮᠵᠢᠯᠠᠯᠲᠤ ᠰᠣᠶᠣᠯ᠂ ᠪᠣᠯᠪᠠᠰᠤᠨ ᠦᠢᠯᠡᠳᠦᠯᠭᠡ ᠵᠡᠷᠭᠡ ᠠᠭᠤᠯᠭ᠎ᠠ ᠶᠢᠨ ᠲᠣᠭᠤᠷᠢᠨ ᠳᠤ ᠦᠷᠨᠢᠵᠦ᠂ ᠠᠰᠠᠭᠤᠯᠲᠠ ᠬᠠᠷᠢᠭᠤᠯᠲᠠ ᠶᠢᠨ ᠳᠤᠮᠳᠠ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠣᠶᠢᠯᠠᠭᠠᠭᠳᠠᠬᠤᠨ ᠤ ᠲᠤᠬᠠᠶ ᠣᠶᠢᠯᠠᠭᠠᠯᠲᠠ ᠪᠠ ᠲᠠᠨᠢᠯᠲᠠ ᠶᠢ ᠳᠡᠭᠡᠭᠰᠢᠯᠡᠭᠦᠯᠪᠡ᠃    ᠠᠵᠢᠯᠯᠠᠭ᠎ᠠ ᠳᠤ ᠣᠷᠣᠯᠴᠠᠭᠰᠠᠨ ᠬᠥᠮᠦᠰ᠄ ︽ᠲᠣᠰ ᠤᠳᠠᠭᠠᠨ ᠤ ᠠᠵᠢᠯᠯᠠᠭ᠎ᠠ ᠮᠠᠰᠢ ᠰᠣᠨᠢᠷᠬᠠᠯᠲᠠᠶ᠂ ᠭᠤᠶᠢᠳᠠ ᠰᠠᠶᠢᠬᠠᠨ ᠲᠣᠭᠯᠠᠯᠲᠠ  ᠰᠤᠨᠢᠷᠬᠠᠭᠰᠠᠨ ᠢᠶᠠᠷ ᠪᠠᠷᠠᠬᠤ ᠥᠬᠡᠶ᠂ ᠰᠤᠨᠢᠷᠬᠠᠯᠳᠦ ᠲᠣᠭᠯᠠᠭᠠᠮ ᠶᠠᠪᠤᠭᠳᠠᠭᠤᠯᠵᠦ ᠪᠠᠶᠠᠰᠤᠯᠴᠠᠬᠤ ᠶᠢᠨ ᠲᠠᠭᠠᠤ ᠪᠠᠰᠠ ᠮᠡᠳᠡᠯᠭᠡ ᠡᠵᠡᠮᠰᠢᠨ᠂ ᠰᠢᠨ᠎ᠡ ᠤᠨ ᠢᠶᠠᠨ ᠤᠳᠬ᠎ᠠ ᠲᠡᠬᠦᠯᠳᠡᠷ ᠤᠭᠳᠤᠭᠰᠠᠨ ᠨᠢ ᠪᠢᠳᠡᠨ ᠳᠤ ᠣᠨᠴᠠᠭᠠᠶ ᠬᠠᠯᠠᠭᠤᠨ ᠳᠤᠯᠠᠭᠠᠨ᠂ ᠵᠣᠯ ᠵᠢᠷᠭᠠᠯ ᠲᠠᠢ ᠰᠠᠨᠠᠭᠳᠠᠭᠤᠯᠤᠯ᠎ᠠ︾ ᠭᠡᠵᠡᠭᠡᠪᠡ᠃    ᠲᠣᠰ ᠤᠳᠠᠭᠠᠨ ᠤ ᠰᠢᠨ᠎ᠡ ᠤᠨ ᠢᠶᠠᠨ ᠤᠭᠲᠤᠬᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠤᠨ᠂ ᠰᠢᠨ᠎ᠡ ᠨᠢᠭᠡ ᠵᠢᠯ ᠳᠤ ᠪᠠᠨ ᠪᠥᠬᠦ ᠬᠤᠰᠢᠭᠤᠨ ᠤ ᠬᠥᠭᠵᠢᠯᠲᠡ ᠳᠤ ᠣᠶᠤᠨ ᠰᠠᠨᠠᠭᠠᠨ ᠤ ᠬᠦᠴᠦᠨ ᠢ ᠨᠢᠬᠳᠠᠷᠠᠭᠤᠯᠬᠤ ᠮᠦᠷᠳᠡᠭᠡᠨ ᠪᠤᠯᠪᠠᠰᠤᠨ ᠦᠢᠯᠡᠳᠦᠯᠭᠡ ᠶᠢᠨ ᠤᠶᠢᠯᠠᠭᠠᠬᠳᠠᠬᠤᠨ ᠢ ᠬᠦᠮᠦᠰ ᠤᠨ ᠰᠡᠳᠬᠢᠯ ᠳᠤ ᠬᠦᠷᠭᠡᠨ᠂ ᠰᠢᠨ᠎ᠡ ᠨᠢᠭᠡ ᠵᠢᠯ ᠤᠨ ᠪᠤᠯᠪᠠᠰᠤᠨ ᠦᠢᠯᠡᠳᠦᠯᠭᠡ ᠶᠢᠨ ᠭᠤᠶᠢᠳᠠ ᠬᠠᠭᠤᠳᠠᠰᠤ  ᠶᠢ ᠰᠡᠬᠦᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号