ᠡᠭᠡᠯ ᠨᠢᠭᠡ ᠮᠠᠯᠴᠢᠨ ᠤ ᠡᠩ ᠤᠨ ᠪᠤᠰᠤ ᠵᠤᠷᠢᠯᠲᠠ
ᠨᠡᠶᠢᠲᠡᠯᠡᠭᠰᠡᠨ ᠴᠠᠭ᠄
2025/2/17
   ᠨᠡᠶᠢᠲᠡ ᠤᠯᠠᠨ ᠳᠤ ᠲᠠᠨᠢᠭᠳᠠᠵᠤ᠂ ᠨᠠᠮ ᠵᠠᠰᠠᠭ ᠲᠤ ᠪᠠᠨ ᠮᠡᠳᠡᠷᠡᠭᠳᠡᠭᠰᠡᠨ ᠵᠠᠯᠠᠭᠤ ᠮᠠᠯᠴᠢᠨ᠂ ᠠᠪᠠᠭ᠎ᠠ ᠬᠤᠰᠢᠭᠤᠨ ᠤ ᠵᠢᠷᠭᠠᠯᠠᠩᠳᠣ ᠰᠤᠮᠤᠨ ᠤ ᠰᠢᠨᠡᠪᠤᠯᠠᠭ ᠭᠠᠴᠠᠭ᠎ᠠ ᠪᠠᠷ ᠨᠤᠲᠤᠭᠲᠠᠢ ᠰᠡᠴᠡᠨᠪᠠᠭᠠᠲᠤᠷ ᠢ ᠰᠤᠷᠪᠤᠯᠵᠢᠯᠠᠬᠤ ᠶᠢ ᠵᠣᠷᠢᠯ᠎ᠠ᠃    — ᠲᠠ ᠭᠡᠷ ᠪᠦᠯᠢ ᠶᠢᠨ ᠢᠶᠠᠨ  ᠲᠠᠯ᠎ᠠ ᠪᠠᠷ ᠲᠠᠨᠢᠯᠴᠠᠭᠤᠯᠪᠠᠯ︖    — ᠮᠠᠨ ᠤ ᠬᠢ ᠭᠡᠷ ᠲᠡᠭᠡᠨ ᠠᠮᠠ ᠪᠦᠯᠢ ᠭᠤᠷᠪᠠᠭᠤᠯᠠ᠂ ᠭᠠᠭᠴᠠ ᠦᠬᠢᠨ ᠲᠠᠢ᠃ ᠦᠬᠢᠨ ᠮᠢᠨᠢ ᠣᠳᠣ ᠤᠯᠠᠭᠠᠨᠴᠠᠪ ᠬᠤᠲᠠ ᠶᠢᠨ ᠡᠮᠨᠡᠯᠭᠡ ᠶᠢᠨ ᠳᠡᠭᠡᠲᠦ ᠰᠤᠷᠭᠠᠭᠤᠯᠢ ᠳᠤ ᠰᠤᠷᠤᠯᠴᠠᠵᠤ ᠪᠠᠶᠢᠨ᠎ᠠ᠃    — ᠲᠠᠨ ᠤ ᠬᠢ ᠬᠡᠳᠦᠢ ᠨᠤᠲᠤᠭ ᠪᠡᠯᠴᠢᠭᠡᠷ ᠲᠠᠢ ᠪᠤᠢ︖ ᠶᠠᠮᠠᠷ ᠬᠡᠯᠪᠡᠷᠢ ᠪᠠᠷ ᠡᠵᠡᠩᠨᠡᠵᠦ ᠠᠰᠢᠭᠯᠠᠵᠤ ᠪᠠᠶᠢᠭ᠎ᠠ ᠪᠤᠢ︖    — 4000 ᠮᠦ ᠨᠤᠲᠤᠭ ᠪᠡᠯᠴᠢᠭᠡᠷ ᠲᠠᠢ ᠶᠤᠮ᠃ ᠰᠢᠯᠢᠷᠬᠡᠭ ᠲᠠᠯ᠎ᠠ ᠶᠢᠨ ᠰᠢᠨᠵᠢ ᠲᠠᠢ ᠬᠥᠷᠦᠰᠦᠯᠢᠭ ᠭᠠᠵᠠᠷ ᠪᠣᠯᠬᠤᠷ ᠰᠠᠯᠬᠢᠨ ᠤ ᠳᠠᠭᠠᠭᠠᠴᠠ ᠨᠡᠯᠢᠶᠡᠳ ᠰᠠᠶᠢᠨ ᠪᠠᠶᠢᠳᠠᠭ ᠶᠤᠮ᠃ ᠪᠢᠳᠡ ᠬᠤᠶᠠᠷ ᠨᠤᠲᠤᠭ ᠪᠡᠯᠴᠢᠭᠡᠷ ᠤᠨ ᠢᠶᠠᠨ ᠬᠦᠷᠦᠰᠦ ᠶᠢ ᠨᠢ ᠤᠯᠠᠮ ᠰᠠᠶᠢᠵᠢᠷᠠᠭᠤᠯᠵᠤ ᠠᠪᠤᠶ᠎ᠠ ᠭᠡᠵᠦ ᠪᠤᠳᠤᠭᠠᠳ ᠮᠠᠯ ᠢᠶᠠᠨ ᠬᠤᠳᠠᠯᠳᠤᠵᠤ᠂  ᠪᠤᠰᠤᠳ ᠵᠦᠢᠯ ᠢ ᠡᠷᠬᠢᠯᠡᠬᠦ ᠪᠠᠷ ᠲᠤᠭᠲᠠᠭᠠᠳ ᠪᠡᠯᠴᠢᠭᠡᠷ ᠢᠶᠠᠨ ᠪᠢᠲᠡᠭᠦᠮᠵᠢᠯᠡᠵᠦ᠂ ᠤᠷᠭᠤᠴᠠ ᠶᠢ ᠨᠢ ᠨᠢᠭᠲᠠᠷᠠᠭᠤᠯᠵᠤ᠂ ᠬᠦᠷᠦᠰᠦ ᠶᠢ ᠨᠢ ᠰᠢᠮᠡᠵᠢᠭᠦᠯᠵᠦ ᠴᠢᠳᠠᠭᠰᠠᠨ ᠪᠣᠯᠬᠤᠷ ᠨᠠᠮᠤᠷ ᠤᠨ ᠤᠷᠭᠤᠴᠠ ᠶᠢ ᠲᠤᠭᠲᠠᠭᠠᠵᠤ᠂ ᠡᠪᠦᠯ ᠬᠠᠪᠤᠷ ᠲᠠᠭᠠᠨ ᠭᠤᠣᠯᠳᠠᠭᠤ ᠪᠤᠲᠠ ᠮᠠᠯ ᠣᠬᠤᠷ ᠬᠤᠭᠤᠴᠠᠭ᠎ᠠ ᠲᠠᠢ ᠤᠷᠤᠭᠤᠯᠵᠤ᠂ ᠵᠤᠬᠢᠰᠲᠠᠢ ᠤᠷᠤᠯᠭ᠎ᠠ ᠣᠯᠳᠠᠭ ᠶᠤᠮ᠃ ᠣᠳᠣ ᠠᠷᠪᠠ ᠰᠢᠬᠠᠮ ᠵᠢᠯ ᠤᠨ ᠬᠠᠮᠠᠭᠠᠯᠠᠯᠲᠠ ᠪᠠᠷ ᠮᠠᠨ ᠤ ᠪᠡᠯᠴᠢᠭᠡᠷ ᠦᠨᠡᠭᠡᠷ ᠣᠩᠭᠤᠨ ᠪᠠᠶᠢᠭᠠᠯᠢᠯᠢᠭ ᠰᠢᠨᠵᠢ ᠪᠠᠨ ᠰᠡᠷᠭᠦᠭᠡᠵᠦ ᠴᠢᠳᠠᠭᠰᠠᠨ ᠶᠣᠮ᠃ ᠡᠶᠢᠮᠦ ᠠᠴᠠ ᠪᠢᠳᠡᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠡᠨᠡᠬᠦ ᠠᠷᠭ᠎ᠠ ᠲᠦᠯᠦᠪᠯᠡᠭᠡ ᠵᠦᠪ ᠪᠠᠶᠢᠭᠰᠠᠨ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠪᠠᠶᠠᠷᠳᠠᠶᠢᠬᠠᠨ ᠶᠠᠷᠢᠯ᠎ᠠ᠃    — ᠵᠠ ᠲᠡᠭᠡᠪᠡᠯ ᠲᠠ ᠮᠠᠯ ᠠᠵᠤ ᠠᠬᠤᠢ ᠠᠴᠠ ᠪᠠᠨ ᠥᠭᠡᠷ᠎ᠡ ᠶᠠᠮᠠᠷᠬᠠᠨ ᠠᠵᠢᠯ ᠢ ᠰᠤᠩᠭᠤᠵᠤ ᠡᠷᠬᠢᠯᠡᠪᠡ ᠳ᠋ᠠ︖    — 2015 ᠣᠨ ᠳᠤ ᠠᠪᠠᠭ᠎ᠠ ᠬᠤᠰᠢᠭᠤᠨ ᠤ ᠪᠠᠨ ᠲᠥᠪ ᠲᠤ ︽ᠠᠵᠢᠨᠠᠢ ᠭᠠᠷ ᠤᠷᠠᠯᠠᠯ︾ ᠭᠡᠬᠦ ᠳᠡᠯᠭᠡᠭᠦᠷ ᠢᠶᠠᠨ ᠨᠡᠭᠡᠭᠡᠯ᠎ᠡ᠃ ᠶᠡᠭᠡᠩᠬᠢ ᠳᠡᠭᠡᠨ ᠦᠨᠳᠦᠰᠦᠲᠡᠨ ᠤ ᠡᠳ᠋ᠯᠡᠯ ᠬᠡᠷᠡᠭᠰᠡᠯ ᠢᠶᠠᠷ ᠭᠤᠣᠯ ᠪᠤᠯᠭᠠᠭᠰᠠᠨ ᠡᠮᠡᠭᠡᠯ᠂ ᠬᠠᠵᠠᠭᠠᠷ᠂ ᠮᠣᠷᠢᠨ ᠤ ᠬᠡᠷᠡᠭᠰᠡᠯ ᠢ ᠬᠢᠵᠦ ᠪᠤᠢ᠃ ᠪᠠᠰᠠ ᠳᠠᠭᠠᠤ ᠳᠤᠨᠢ ᠮᠣᠳᠤᠨ ᠤᠷᠠᠯᠠᠯ᠂ ᠶᠠᠰᠤᠨ ᠤᠷᠠᠯᠠᠯ᠂ ᠢᠰᠡᠭᠡᠢ ᠡᠳ᠋ᠯᠡᠯ ᠭᠡᠬᠦ ᠮᠡᠲᠦᠴᠢᠯᠡᠨ ᠮᠠᠯᠴᠢᠨ ᠬᠦᠮᠦᠨ ᠤ ᠰᠤᠨᠢᠷᠬᠠᠳᠠᠭ ᠪᠦᠭᠡᠳ ᠰᠤᠩᠭᠤᠳᠠᠭ ᠵᠦᠢᠯ ᠢ ᠤᠷᠤᠯᠳᠤᠳᠠᠭ ᠶᠤᠮ ᠭᠡᠯ᠎ᠡ᠃    — ᠡᠨᠡ ᠠᠵᠢᠯ ᠤᠨ ᠢᠶᠠᠨ ᠤᠯᠤᠯᠲᠠ ᠠᠮᠵᠢᠯᠲᠠ ᠶᠢᠨ ᠲᠠᠯ᠎ᠠ ᠪᠠᠷ ᠶᠠᠷᠢᠪᠠᠯ︖    — ᠡᠳᠡᠭᠡᠷ ᠵᠢᠯ ᠤᠳ ᠲᠤ ᠠᠳᠡ ᠲᠡᠨᠳᠡᠬᠢ ᠶᠢᠨ ᠤᠷᠤᠯᠳᠤᠭᠠᠨ ᠢᠶᠠᠷ ᠬᠦᠷᠴᠦ ᠤᠷᠤᠯᠴᠠᠵᠤ ᠦᠵᠡᠯ᠎ᠡ᠃ ᠣᠯᠠᠨ ᠭᠠᠵᠠᠷ ᠨᠤᠲᠤᠭ ᠤᠨ ᠤᠷᠤᠯᠳᠤᠭᠠᠨ ᠰᠢᠯᠭᠠᠷᠠᠭᠤᠯᠤᠯᠲᠠ ᠳᠤ ᠤᠷᠤᠯᠴᠠᠭᠠᠳ ᠶᠡᠭᠡ ᠬᠠᠨᠤᠮᠵᠢᠲᠠᠢ ᠪᠠᠶᠢᠨ᠎ᠠ᠂ ᠣᠯᠠᠨ ᠱᠠᠩᠨᠠᠯ ᠬᠦᠬᠢᠭᠦᠯᠦᠯ ᠢ ᠳᠤᠰᠴᠤ ᠭᠠᠨᠵᠤᠭ᠎ᠠ ᠳᠦᠭᠦᠷᠡᠩ ᠶᠠᠪᠤᠵᠤ ᠢᠷᠡᠯ᠎ᠡ᠃ ᠬᠡᠯᠡᠬᠦ ᠠᠴᠠ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠪᠠ ᠪᠤᠳᠠᠰ ᠤᠨ ᠪᠤᠰᠤ ᠰᠤᠶᠤᠯ ᠤᠨ ᠥᠪ ᠤᠨ ᠭᠠᠷ ᠤᠷᠠᠯᠠᠯ ᠤᠨ ᠤᠷ᠎ᠠ ᠮᠡᠷᠭᠡᠵᠢᠯ ᠤᠨ ᠤᠷᠤᠯᠳᠤᠭᠠᠨ ᠳᠤ ᠤᠷᠤᠯᠴᠠᠭᠠᠳ ᠰᠤᠷ ᠡᠳ᠋ᠯᠡᠯ ᠤᠨ ᠲᠦᠷᠦᠯ ᠤᠨ ᠬᠢᠨᠢ ᠲᠡᠷᠢᠭᠦᠨ ᠨᠡᠷ᠎ᠡ ᠶᠢ ᠬᠦᠷᠲᠡᠭᠰᠡᠨ ᠶᠤᠮᠰᠠᠨ᠃ ᠪᠠᠰᠠ ᠳᠠᠬᠢᠪᠠᠯ ᠰᠢᠯᠢ ᠶᠢᠨ ᠭᠤᠣᠯ ᠠᠶᠢᠮᠠᠭ ᠤᠨ ᠠᠷᠠᠳ ᠤᠨ ᠤᠷᠠᠯᠢᠭᠴᠢᠳ ᠤᠨ ᠨᠡᠶᠢᠭᠡᠮᠯᠢᠭ ᠤᠨ ᠭᠡᠰᠢᠭᠦᠨ᠂ ᠬᠤᠰᠢᠭᠤᠨ ᠤ ᠪᠠᠨ ᠪᠤᠳᠠᠰ ᠤᠨ ᠪᠤᠰᠤ ᠰᠤᠶᠤᠯ ᠤᠨ ᠥᠪ ᠤᠨ ᠥᠪᠯᠡᠨ ᠤᠯᠠᠮᠵᠢᠯᠠᠭᠴᠢ ᠪᠤᠯᠵᠤ᠂ ᠤᠷᠮ᠎ᠠ ᠵᠣᠷᠢᠭ ᠮᠢᠨᠢ ᠬᠥᠭᠵᠢᠭᠰᠡᠨ ᠶᠤᠮ ᠭᠡᠵᠦ ᠰᠡᠳᠬᠢᠯ ᠪᠠᠭ᠋ᠠᠲᠤᠮ᠎ᠠ ᠶᠠᠷᠢᠯ᠎ᠠ᠃ ᠢᠩᠭᠢᠭᠡᠳ ᠲᠡᠳᠡᠨ ᠤ ᠠᠳᠠᠯ ᠠᠮᠢᠳᠤᠷᠠᠯ ᠳᠤ ᠨᠢᠳᠦ ᠬᠠᠶᠠᠵᠤ᠂ ᠠᠮᠵᠢᠯᠲᠠ ᠪᠦᠲᠦᠭᠡᠯ ᠳᠤᠨᠢ ᠰᠤᠨᠢᠭᠤᠴᠢ ᠲᠦᠷᠦᠵᠦ᠂ ᠡᠨᠡ ᠲᠡᠷᠡ ᠶᠢ ᠨᠢ ᠠᠰᠠᠭᠤᠵᠤ ᠰᠠᠭᠤᠬᠤ ᠳᠠᠭᠠᠨ ᠲᠡᠭᠦᠨ ᠤ ᠭᠡᠷᠭᠡᠢ ᠰᠡᠴᠡᠨᠴᠡᠴᠡᠭ ᠨᠢ ᠠᠮᠢᠳᠤᠷᠠᠯ ᠤᠨ ᠢᠶᠠᠨ ᠲᠦᠰᠢᠭ ᠢᠶᠠᠷ ᠵᠤᠭᠰᠤᠭ᠎ᠠ ᠦᠭᠡᠢ᠂ ᠡᠨᠡ ᠦᠢᠯᠡᠰ ᠤᠨ ᠬᠢᠨᠢ ᠲᠦᠰᠢᠭ ᠪᠣᠯᠵᠤ ᠶᠠᠪᠤᠳᠠᠭ ᠢ ᠣᠶᠢᠯᠠᠭᠠᠵᠤ᠂ ᠠᠵᠢᠯᠴᠢ ᠤᠬᠠᠭᠠᠯᠢᠭ ᠪᠦᠰᠡᠭᠦᠢ ᠶᠢᠨ ᠬᠢᠨᠢ ᠨᠢᠷᠤᠭᠤᠪᠴᠢ ᠦᠢᠯᠡᠳᠦᠯ ᠢ ᠪᠠᠭ᠋ᠠᠷᠬᠠᠵᠤ ᠪᠢᠯᠡ᠃    — ᠬᠤᠵᠢᠮ ᠤᠨ ᠲᠦᠯᠦᠪᠯᠡᠭᠡ ᠶᠠᠭᠤ ᠪᠠᠶᠢᠭ᠎ᠠ ᠪᠤᠢ︖    — ᠣᠳᠣ ᠶᠢᠨ ᠦᠢᠯᠡᠰ ᠢᠶᠠᠨ ᠤᠯᠠᠮ ᠨᠢᠭᠡ ᠠᠯᠬᠤᠮ ᠥᠷᠭᠡᠳᠬᠡᠵᠦ᠂  ᠪᠤᠯᠤᠯᠴᠠᠭ᠎ᠠ ᠪᠠᠶᠢᠭᠠᠳ ᠨᠥᠬᠦᠴᠡᠯ ᠪᠦᠷᠢᠳᠦᠪᠡᠯ ᠬᠡᠦᠬᠡᠳ ᠳᠡᠭᠦᠦᠨᠡᠷ ᠲᠡᠭᠡᠨ ᠤᠷ᠎ᠠ ᠮᠡᠷᠭᠡᠵᠢᠯ  ᠢᠶᠠᠨ ᠵᠢᠭᠠᠨ ᠰᠤᠷᠭᠠᠬᠤ᠂ ᠦᠨᠳᠦᠰᠦᠳᠡᠨ ᠤ ᠥᠪ ᠰᠤᠶᠤᠯ ᠢᠶᠠᠨ ᠦᠨᠡᠨᠬᠦ ᠥᠪᠯᠡᠭᠦᠯᠬᠦ ᠰᠠᠨᠠᠭ᠎ᠠ ᠲᠠᠢ ᠶᠤᠮ ᠭᠡᠵᠦ ᠰᠡᠴᠡᠨᠪᠠᠭᠠᠲᠤᠷ ᠠᠯᠤᠰ ᠬᠤᠯᠠ ᠶᠢᠨ ᠪᠤᠳᠤᠯᠭ᠎ᠠ ᠠᠤᠭ᠎ᠠ ᠦᠢᠯᠡᠰ ᠤᠨ ᠵᠣᠷᠢᠯᠲᠠ ᠪᠠᠨ ᠴᠤᠬᠤᠶᠢᠯᠭᠠᠵᠤ ᠪᠢᠯᠡ᠃    ᠡᠨᠡ ᠪᠦᠬᠦᠨ ᠢ ᠰᠤᠷᠪᠤᠯᠵᠢᠯᠠᠵᠤ ᠰᠤᠨᠤᠰᠴᠤ ᠰᠠᠭᠤᠬᠤ ᠳᠠᠭᠠᠨ ᠥᠷᠦᠭᠡ ᠳᠦᠭᠦᠷᠡᠩ ᠤᠷᠠᠯᠠᠯ ᠡᠳ᠋ᠯᠡᠯ ᠪᠠ ᠦᠨᠡᠮᠯᠡᠯ ᠬᠥᠬᠢᠭᠦᠯᠦᠯ ᠢ ᠨᠢ ᠪᠠᠭ᠋ᠠᠲᠤᠵᠤ᠂ ᠥᠪᠡᠷ ᠤᠨ ᠡᠷᠬᠡ ᠦᠭᠡᠢ ᠪᠢᠰᠢᠷᠡᠯ ᠪᠠᠭ᠋ᠠᠲᠤᠯ ᠲᠥᠷᠦᠵᠦ ᠪᠠᠶᠢᠭᠰᠠᠨ ᠰᠠᠨ᠃ ᠳᠡᠭᠦᠦᠨᠡᠷ ᠬᠡᠦᠬᠡᠳ ᠤᠳ ᠢᠶᠠᠨ ᠠᠶᠠᠨ ᠤ ᠳᠥᠷᠦᠭᠡ ᠳᠤ ᠰᠠᠴᠤᠯᠢ ᠡᠷᠭᠦᠵᠦ᠂ ᠪᠡᠯᠭᠡᠰᠢᠶᠡᠯ ᠬᠤᠷᠤᠶᠢᠯᠠᠶ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号