ᠳᠠᠭᠤᠤ ᠬᠦᠭᠵᠢᠮᠳᠦ ᠬᠤᠸᠠᠷ ᠫᠤᠤᠵᠢᠩ ᠤᠨ ᠦᠳᠡᠰᠢᠯᠡᠭᠡ ᠪᠠᠷ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠢᠶᠠᠨ ᠲᠡᠮᠳᠡᠭᠯᠡᠨ᠎ᠡ
ᠨᠡᠶᠢᠲᠡᠯᠡᠭᠰᠡᠨ ᠴᠠᠭ᠄
2025/2/17
   2 ᠰᠠᠷ᠎ᠠ ᠶᠢᠨ 12 ᠤᠨ ᠤᠷᠤᠢ ᠶᠢᠨ 7 ᠴᠠᠭ ᠲᠤ᠂ ᠠᠪᠠᠭ᠎ᠠ ᠬᠤᠰᠢᠭᠤᠨ ᠤ ᠬᠠᠷᠠᠨᠠᠭᠤᠷ ᠴᠡᠴᠡᠷᠯᠢᠭ ᠲᠤ ᠬᠦᠮᠦᠨ ᠠᠷᠠᠳ ᠬᠦᠭᠵᠢᠯᠳᠦᠨ᠂ ᠬᠦᠷ ᠬᠦᠭᠵᠢᠶᠠᠨ ᠢᠶᠠᠷ ᠪᠢᠯᠬᠠᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠢᠶᠠᠨ ᠳᠠᠭᠤᠤ ᠬᠦᠭᠵᠢᠮᠳᠦ ᠬᠤᠸᠠᠷ ᠫᠤᠤᠵᠢᠩ ᠤᠨ ᠦᠳᠡᠰᠢᠯᠡᠭᠡ ᠪᠠᠷ ᠲᠡᠮᠳᠡᠭᠯᠡᠵᠦ ᠪᠢᠯᠡ᠃    ᠦᠳᠡᠰᠢ ᠶᠢᠨ ᠪᠦᠷᠦᠢ ᠳᠠᠰᠤᠷᠠᠵᠦ ᠲᠦᠭᠦᠷᠢᠭ ᠰᠠᠷᠠᠨ ᠤᠭᠳᠠᠷᠭᠤᠢ ᠳᠤ ᠳᠡᠬᠦᠵᠢᠯᠡᠭᠳᠡᠬᠦ ᠳᠤ ᠬᠠᠷᠠᠨᠠᠭᠤᠷ ᠴᠡᠴᠡᠷᠯᠢᠭ ᠲᠤ ᠬᠤᠷᠠᠨ ᠴᠤᠭᠯᠠᠷᠠᠭᠰᠠᠨ ᠤᠯᠠᠨ ᠲᠦᠮᠡᠨ ᠲᠦᠭᠦᠷᠢᠭ ᠰᠠᠷᠠᠨ ᠰᠤᠨᠢᠷᠬᠠᠬᠤ ᠶᠢᠨ ᠳᠠᠭᠠᠤ ᠳᠠᠭᠤᠤ ᠬᠦᠭᠵᠢᠮᠳᠦ ᠬᠤᠸᠠᠷ ᠫᠤᠤᠵᠢᠩ ᠰᠤᠨᠢᠷᠬᠠᠬᠤ ᠪᠠᠷ ᠬᠦᠯᠢᠶᠡᠵᠡᠭᠡᠨ᠎ᠡ᠃ ᠢᠯᠠᠩᠭᠤᠶ᠎ᠠ ᠬᠡᠤᠬᠡᠳ ᠪᠠᠭᠠᠴᠤᠳ ᠬᠦᠭᠰᠡᠨ  ᠱᠤᠤᠬᠢᠯᠳᠤᠵᠦ ᠪᠠᠶᠢᠳᠠᠯ᠎ᠠ ᠦᠩᠭᠡ ᠶᠢᠨ ᠴᠡᠴᠡᠭ ᠳᠡᠯᠭᠡᠷᠡᠵᠦ ᠪᠤᠢ ᠮᠡᠳᠦ ᠦᠩᠭᠡ ᠦᠩᠭᠡ ᠶᠢᠨ ᠬᠤᠸᠠᠷ ᠫᠤᠤᠵᠢᠩ  ᠤᠳ ᠤᠭᠳᠠᠷᠭᠤᠢ ᠶᠢᠨ ᠴᠡᠭᠡᠯ ᠳᠤ ᠦᠶ᠎ᠡ ᠦᠶ᠎ᠡ ᠭᠡᠷᠡᠯᠳᠦᠨ ᠴᠤᠤᠷᠢᠶᠠᠳᠤᠵᠦ᠂ ᠰᠤᠯᠤᠩᠭᠠᠨ ᠦᠩᠭᠡ᠂ ᠭᠠᠶᠢᠬᠠᠮᠰᠢᠭᠳᠦ ᠬᠡᠯᠪᠡᠷᠢ ᠲᠦᠷᠰᠦ ᠨᠤᠭᠤᠳ ᠬᠦᠮᠦᠨ ᠠᠷᠠᠳ ᠤᠨ ᠰᠡᠳᠬᠢᠯ ᠢ ᠪᠠᠶᠠᠰᠬᠠᠵᠦ᠂ ᠬᠡᠤᠬᠡᠳ ᠢᠶᠠᠨ᠂ ᠭᠡᠷ ᠪᠦᠯᠢ ᠪᠠᠷ ᠢᠶᠠᠨ ᠵᠢᠷᠤᠭ ᠰᠡᠬᠦᠳᠡᠷ ᠳᠠᠳᠠᠨ᠂ ᠬᠠᠭᠠᠰ ᠴᠠᠭ ᠭᠠᠷᠤᠢ ᠦᠷᠬᠦᠯᠵᠢᠯᠡᠬᠦ ᠬᠤᠸᠠᠷ ᠫᠤᠤᠵᠢᠩ ᠢ ᠳᠠᠭᠤᠰᠤᠨ ᠳᠠᠭᠤᠰᠳᠠᠯ᠎ᠠ ᠰᠤᠨᠢᠷᠬᠠᠵᠦ᠂ ᠡᠨᠡ ᠵᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠢᠶᠠᠨ ᠠᠳᠡ ᠬᠠᠮᠳᠤᠪᠡᠷ ᠲᠡᠮᠳᠡᠭᠯᠡᠭᠰᠡᠨ ᠲᠤᠷᠠᠰᠤᠮᠵᠢ ᠦᠯᠡᠳᠡᠭᠡᠨ᠎ᠡ᠃    ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠪᠠᠶᠠᠷ ᠪᠤᠯ ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠪᠠᠶᠠᠷ ᠤᠨ ᠡᠳᠦᠷ ᠪᠠᠶᠢᠵᠦ᠂ ᠤᠯᠠᠨ ᠶᠠᠩᠵᠦ ᠬᠡᠯᠪᠡᠷᠢ ᠪᠠᠷ ᠪᠠᠶᠠᠷᠯᠠᠨ ᠪᠡᠯᠭᠡᠯᠡᠬᠦ ᠪᠤᠯ ᠪᠠᠰᠠᠴᠦ ᠤᠯᠠᠮᠵᠢᠯᠠᠯᠳᠦ ᠴᠠᠭᠠᠨ ᠰᠠᠷ᠎ᠠ ᠶᠢᠨ ᠦᠪᠡᠷᠮᠢᠴᠡ ᠦᠵᠡᠮᠵᠢ ᠪᠤᠯᠬᠤ ᠶᠤᠮ᠃ ᠲᠤᠰ ᠠᠵᠢᠯᠯᠠᠭ᠎ᠠ ᠶᠢ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠬᠤᠰᠢᠭᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠰᠢᠯᠢ ᠶᠢᠨ ᠭᠤᠤᠯ ᠠᠶᠢᠮᠠᠭ ᠤᠨ ᠯᠦᠩ ᠰᠢᠩ ᠠᠭᠤᠷᠬᠠᠢ ᠶᠢᠨ ᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠠᠴᠠ ᠳᠠᠭᠠᠭᠠᠴᠢᠯᠠᠨ ᠡᠷᠬᠢᠯᠡᠵᠦ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠᠶᠠᠰᠤᠯᠳᠤ ᠠᠭᠤᠷ ᠠᠮᠢᠰᠬᠤᠯ ᠢ ᠦᠳᠭᠡᠷᠡᠬᠦᠯᠵᠦ ᠦᠭᠬᠦᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号