ᠠᠪᠠᠭ᠎ᠠ ᠬᠤᠰᠢᠭᠤ ︽ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠢ ᠪᠡᠯᠭᠡᠯᠡᠨ ᠤᠨᠢᠰᠤᠭ᠎ᠠ ᠲᠠᠭᠠᠯᠴᠠᠨ ᠪᠠᠶᠠᠰᠤᠯᠴᠠᠶ᠎ᠠ︾ ᠭᠡᠮᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/17
   2 ᠰᠠᠷ᠎ᠠ ᠶᠢᠨ 12 ᠤᠨ ᠡᠳᠦᠷ᠂ ᠠᠪᠠᠭ᠎ᠠ ᠬᠤᠰᠢᠭᠤᠨ ᠤ ᠬᠠᠤᠯᠢ ᠪᠠᠷ ᠵᠠᠰᠠᠬᠤ ᠰᠤᠶᠤᠯ ᠤᠨ ᠠᠭᠤᠳᠠᠮ ᠲᠠᠯᠠᠪᠠᠶ ᠳᠤ ᠤᠯᠠᠭᠠᠨ ᠳ᠋ᠧᠩᠯᠦ ᠵᠢᠭᠳᠡᠷᠡᠬᠦᠯᠦᠨ ᠡᠯᠬᠦᠵᠦ᠂ ᠬᠥᠷ ᠨᠠᠷᠬᠢᠶᠠᠨ ᠢᠶᠠᠷ ᠪᠢᠯᠬᠠᠵᠤ ᠪᠠᠶᠢᠭᠰᠠᠨ ᠨᠢ ︽ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ ᠢ ᠪᠡᠯᠭᠡᠯᠡᠨ ᠤᠨᠢᠰᠤᠭ᠎ᠠ ᠲᠠᠭᠠᠯᠴᠠᠨ ᠪᠠᠶᠠᠰᠤᠯᠴᠠᠶ᠎ᠠ︾ ᠭᠡᠬᠦ ᠭᠤᠤᠯ ᠰᠡᠳᠦᠪᠲᠦ ᠰᠢᠷᠢᠰ ᠠᠵᠢᠯᠯᠠᠭ᠎ᠠ ᠠᠳᠡ ᠶᠠᠪᠤᠭᠳᠠᠵᠤ᠂ ᠮᠠᠨ ᠤ ᠬᠤᠰᠢᠭᠤᠨ ᠤ ᠦᠷᠭᠡᠨ ᠣᠯᠠᠨ ᠰᠠᠭᠤᠭᠠᠯᠢ ᠠᠷᠠᠳ ᠢᠳᠡᠪᠬᠢᠯᠠᠨ ᠤᠷᠤᠯᠴᠠᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠬᠠᠮᠲᠤ ᠪᠠᠷ ᠮᠡᠳᠡᠷᠡᠵᠦ᠂ ᠥᠯᠵᠡᠶᠢᠲᠦ ᠡᠳᠦᠷ ᠤᠨ ᠪᠠᠶᠠᠷ ᠢ ᠬᠠᠮᠲᠤᠪᠡᠷ ᠲᠡᠮᠳᠡᠭᠯᠡᠭᠰᠡᠨ ᠶᠤᠮ᠃    ᠲᠣᠰ ᠤᠳᠠᠭᠠᠨ ᠤ ᠠᠵᠢᠯᠯᠠᠭ᠎ᠠ ᠶᠢ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠠᠪᠠᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠣᠶᠣᠯ ᠤᠨ ᠣᠷᠳᠣᠨ᠂ ᠨᠣᠮ ᠤᠨ ᠰᠠᠩ ᠠᠴᠠ ᠳᠠᠭᠠᠭᠠᠴᠢᠯᠠᠨ ᠡᠷᠬᠢᠯᠡᠪᠡ᠃ ᠠᠵᠢᠯᠯᠠᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠦᠳᠭᠡᠷᠡᠬᠦᠯᠵᠦ᠂  ᠠᠷᠠᠳ ᠣᠯᠠᠨ ᠪᠠᠶᠠᠰᠤᠯᠴᠠᠨ᠂ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠦᠩᠭᠡᠷᠡᠬᠦᠯᠬᠦ ᠶᠢ ᠵᠤᠷᠢᠭᠰᠠᠨ ᠶᠤᠮ᠃    ᠦᠳᠡ ᠶᠢᠨ ᠡᠮᠦᠨᠡᠬᠢ 10 ᠴᠠᠭ ᠲᠤ᠂ ᠠᠵᠢᠯᠯᠠᠭ᠎ᠠ ᠨᠢ ᠭᠤᠶᠢᠳᠠ ᠰᠠᠶᠢᠬᠠᠨ ᠶᠠᠩᠭᠠᠷ ᠪᠥᠵᠢᠭ ᠤᠨ ᠲᠣᠭᠯᠠᠯᠲᠠ ᠶᠢᠨ ᠳᠤᠮᠳᠠ ᠬᠦᠰᠢᠭᠡ ᠪᠠᠨ ᠰᠡᠬᠦᠯ᠎ᠡ᠃ ᠶᠠᠩᠭᠠᠷ ᠪᠦᠵᠢᠭ ᠤᠨ ᠠᠩᠭᠢ ᠶᠢᠨ ᠬᠢᠨ ᠤ ᠦᠩᠭᠡ ᠢᠯᠭᠠᠷᠠᠭᠰᠠᠨ ᠬᠤᠪᠴᠠᠰᠤ ᠵᠠᠰᠠᠯ᠂ ᠱᠠᠯᠠᠮᠠᠭᠠᠢ ᠨᠠᠮᠪᠠᠭᠠᠯᠢᠭ ᠬᠦᠳᠡᠯᠤᠯ ᠪᠠᠷᠢᠯ᠂ ᠪᠠᠶᠠᠷ ᠪᠠᠶᠠᠰᠬᠤᠯᠠᠩᠲᠤ ᠪᠥᠵᠢᠭ ᠤᠨ ᠠᠯᠬᠤᠭ᠎ᠠ ᠨᠢ ᠦᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠷᠢᠯᠳᠦᠬᠦᠯᠵᠠᠢ᠃    ᠣᠨᠢᠰᠤᠭ᠎ᠠ ᠳᠠᠭᠠᠵᠤ ᠪᠡᠯᠡᠭ ᠲᠤᠰᠬᠤ ᠠᠵᠢᠯᠯᠠᠭ᠎ᠠ ᠨᠢ ᠨᠠᠩ ᠴᠤ ᠠᠬᠤᠢ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤᠨᠢ ᠬᠦᠷᠭᠡᠵᠦ᠂ ᠠᠭᠤᠳᠠᠮ ᠲᠠᠯᠠᠪᠠᠢ ᠳᠤ ᠡᠯᠬᠦᠭᠡᠰᠦᠳᠠᠢ ᠮᠢᠩᠭ᠎ᠠ ᠭᠠᠷᠤᠢ ᠣᠨᠢᠰᠤᠭ᠎ᠠ ᠶᠢᠨ ᠴᠠᠭᠠᠰᠤ ᠶᠢᠨ ᠲᠤᠤᠷ᠎ᠠ᠂ ᠬᠤᠷᠠᠨ ᠤᠯᠠᠨ ᠬᠦᠮᠦᠰ ᠤᠨ ᠤᠢ ᠤᠬᠠᠭᠠᠨ ᠤ ᠲᠡᠮᠡᠴᠡᠭᠡᠨ ᠪᠤᠯᠵᠦ᠂ ᠲᠡᠦᠬᠡ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠠᠮᠢᠳᠤᠷᠠᠯ ᠵᠡᠷᠭᠡ ᠠᠯᠢ ᠤᠯᠠᠨ ᠠᠭᠤᠯᠭ᠎ᠠ ᠶᠢ ᠬᠠᠮᠤᠷᠴᠤ᠂ ᠰᠣᠨᠢᠷᠬᠠᠯᠲᠤ ᠴᠢᠨᠠᠷ᠂ ᠮᠡᠳᠡᠯᠭᠡᠳᠤ ᠴᠢᠨᠠᠷ ᠢᠶᠠᠷ ᠴᠢᠩᠭ᠎ᠠ ᠪᠠᠶᠢᠯ᠎ᠠ᠃ ᠭᠡᠨ ᠠᠯᠢ ᠨᠢ ᠴᠦ ᠵᠦᠪ ᠲᠠᠭᠠᠵᠦ ᠪᠡᠯᠡᠭ ᠲᠤᠰᠬᠤ ᠪᠠᠷ ᠴᠢᠷᠮᠠᠶᠢᠵᠠᠭᠠᠨ᠎ᠠ᠃    ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ 60 ᠨᠠᠰᠤᠨ ᠠᠴᠠ ᠳᠡᠭᠡᠭᠰᠢᠬᠢ 200 ᠨᠠᠰᠤᠳᠠᠨ ᠳᠤ ᠦᠯᠵᠡᠶᠢᠳᠦ ᠪᠤᠤᠪᠤ ᠬᠦᠷᠭᠡᠵᠦ᠂ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠶᠢ ᠮᠡᠳᠡᠷᠡᠬᠦᠯᠦᠨ᠎ᠡ᠃ ᠨᠠᠰᠤᠲᠠᠶᠢᠴᠤᠳ ᠡᠮᠬᠢ ᠵᠢᠷᠤᠮ ᠲᠠᠢ ᠪᠠᠷ ᠦᠯᠵᠡᠶᠢᠳᠦ ᠪᠤᠤᠪᠤ ᠶᠢᠨ ᠪᠡᠯᠡᠭ ᠲᠤᠰᠤᠨ ᠬᠦᠷ ᠬᠦᠭᠵᠢᠶᠠᠨ ᠢᠶᠠᠨ ᠪᠢᠯᠬᠠᠨ᠎ᠠ᠃    ᠲᠣᠰ ᠤᠳᠠᠭᠠᠨ ᠤ ︽ᠪᠢᠳᠡᠨ ᠤ ᠪᠠᠶᠠᠷ ᠤᠨ ᠡᠳᠦᠷ · ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠦ ᠡᠳᠦᠷ︾ ᠤᠨ ᠰᠢᠷᠢᠰ ᠠᠵᠢᠯᠯᠠᠭ᠎ᠠ ᠨᠢ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠶᠠᠪᠤᠯᠴᠠᠭ᠎ᠠ ᠶᠢ ᠨᠢᠬᠳᠠᠷᠠᠭᠤᠯᠵᠦ᠂ ᠣᠯᠠᠨ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠬᠥᠷ ᠬᠥᠭᠵᠢᠶᠡᠨ ᠲᠠᠢ᠂ ᠪᠤᠯᠪᠠᠰᠤᠨ ᠡᠶ᠎ᠡ  ᠵᠤᠬᠢᠴᠠᠯ ᠲᠠᠢ᠂ ᠰᠤᠶᠤᠯ ᠤᠨ ᠤᠯᠠᠮᠵᠢᠯᠠᠯ ᠲᠠᠢ᠂ ᠦᠯᠵᠡᠶᠢᠳᠦ ᠡᠳᠦᠷ ᠤᠨ ᠤᠳᠬ᠎ᠠ ᠲᠡᠬᠦᠯᠳᠡᠷ ᠠᠵᠢᠯᠯᠠᠭ᠎ᠠ ᠪᠤᠯᠤᠭᠰᠠᠨ  ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号