ᠠᠪᠠᠭ᠎ᠠ ᠬᠤᠰᠢᠭᠤᠨ ᠤ ᠨᠠᠷᠠᠨᠪᠤᠯᠠᠭ ᠰᠤᠮᠤ ᠤᠯᠠᠨ ᠨᠡᠶᠢᠲᠡ ᠶᠢᠨ ᠦᠨᠳᠦᠰᠦᠨ ᠱᠠᠲᠤᠨ ᠤ ᠵᠠᠰᠠᠯᠲᠠ ᠳᠤ | ᠬᠠᠮᠲᠤ ᠪᠠᠷ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ︽ᠭᠠᠭᠴᠠᠭᠠᠷ ᠲᠡᠮᠡᠴᠡᠬᠦ︾ ᠶᠢ ︽ᠬᠤᠣᠰ ᠴᠢᠭᠯᠡᠯ ᠤᠨ ᠬᠠᠮᠲᠤᠷᠠᠯᠴᠠᠭ᠎ᠠ︾ | ᠪᠣᠯᠭᠠᠪᠠ᠃ ᠨᠠᠷᠠᠨᠪᠤᠯᠠᠭ ᠰᠤᠮᠤᠨ ᠤ ᠰᠠᠷᠠᠭᠤᠯᠳᠠᠯ᠎ᠠ ᠭᠠᠴᠠᠭᠠᠨ ᠤ ᠠᠷᠢᠭᠤᠨᠳᠤᠩᠭᠠᠯᠠᠭ ᠮᠠᠯᠵᠢᠬᠤ ᠣᠷᠣᠨ ᠤ | ᠠᠮᠢᠳᠤᠷᠠᠯ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠦᠯᠵᠢᠶ᠎ᠡ ᠲᠡᠭᠡᠷ᠎ᠡ ᠬᠤᠪᠢᠶᠠᠯᠴᠠᠬᠤ ᠪᠠᠷ ᠲᠠᠮᠵᠢᠭᠤᠯᠤᠨ᠂ | ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠤᠷᠤᠰᠬᠠᠯ ᠢ ᠬᠥᠲᠥᠯᠥᠨ ᠳᠠᠭᠠᠭᠤᠯᠵᠤ᠂ ᠨᠠᠷᠠᠨᠪᠤᠯᠠᠭ ᠰᠤᠮᠤᠨ ᠤ | ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ︽ᠬᠤᠣᠰ ᠴᠢᠭᠯᠡᠯ ᠤᠨ ᠬᠠᠮᠲᠤᠷᠠᠯᠴᠠᠭ᠎ᠠ︾ ᠶᠢᠨ ᠨᠡᠶᠢᠲᠡᠯᠢᠭ | ᠵᠢᠱᠢᠶ᠎ᠡ ᠶᠢᠨ ᠨᠢᠭᠡ ᠨᠢ ᠪᠤᠯᠤᠭᠰᠠᠨ ᠪᠢᠯᠡ᠃ | ᠠᠷᠢᠭᠤᠨᠲᠤᠩᠭᠠᠯᠠᠭ ᠰᠦᠯᠵᠢᠶᠡᠨ ᠲᠡᠭᠡᠷ᠎ᠡ ︽ᠠᠷᠢᠭᠤᠨ ᠡᠭᠡᠴᠢ︾ ᠭᠡᠮᠡᠨ ᠠᠯᠳᠠᠷᠰᠢᠵᠠᠢ᠂ ᠲᠡᠷᠡ ᠠᠪᠠᠭ᠎ᠠ | ᠬᠤᠰᠢᠭᠤᠨ ᠤ ᠲᠥᠪ ᠪᠡᠯᠭᠦᠳᠡᠢ ᠪᠠᠯᠭᠠᠰᠣᠨ ᠳᠤ ᠤᠯᠠᠮᠵᠢᠯᠠᠯᠲᠤ ᠢᠯᠢᠯᠭᠡ ᠵᠠᠰᠠᠯ ᠤᠨ ᠭᠠᠵᠠᠷ ᠡᠵᠡᠩᠨᠡᠵᠦ ᠪᠠᠶᠢᠳᠠᠭ᠃ | ᠲᠡᠭᠦᠨ ᠤ ᠨᠦᠬᠦᠷ ᠰᠣᠳᠤᠨᠪᠠᠭᠠᠲᠤᠷ ᠪᠣᠯ ᠤᠯᠠᠮᠵᠢᠯᠠᠯᠲᠤ ᠮᠣᠩᠭᠤᠯ ᠡᠮᠴᠢ ᠪᠠᠶᠢᠵᠤ᠂ ᠡᠪᠡᠳᠴᠢᠲᠡᠨ ᠳᠤ ᠳᠥᠭᠦᠮ | ᠦᠵᠡᠭᠦᠯᠬᠦ ᠶᠢᠨ ᠲᠥᠯᠥᠭᠡ᠂ ᠲᠡᠳᠡ ᠦᠷᠭᠦᠯᠵᠢ ᠣᠶᠢᠷ᠎ᠠ ᠬᠠᠪᠢ ᠶᠢᠨ ᠬᠤᠰᠢᠭᠤ ᠰᠢᠶᠠᠨ ᠳᠤ ᠬᠦᠷᠴᠦ ᠡᠮᠴᠢᠯᠡᠭᠡ | ᠬᠢᠳᠡᠭ᠃ ᠡᠶᠢᠨᠬᠦ ᠬᠤᠯᠠ ᠠᠴᠠ ᠵᠤᠷᠢᠵᠤ ᠢᠷᠡᠬᠦ ᠡᠪᠡᠳᠴᠢᠲᠡᠨ ᠴᠦ ᠡᠳᠦᠷ ᠢᠷᠡᠬᠦᠶ᠎ᠡ ᠤᠯᠠᠰᠢᠷᠠᠪᠠ᠃ | ᠠᠷᠢᠭᠤᠨᠲᠤᠩᠭᠠᠯᠠᠭ ᠤᠨ ᠬᠦᠦ ᠨᠢ 500 ᠭᠠᠷᠤᠢ ᠬᠠᠪᠳᠠᠭᠠᠢ ᠳᠥᠷᠪᠡᠯᠵᠢᠨ ᠮᠧᠲᠷ ᠤᠨ ᠴᠢᠴᠢᠬᠦᠷ ᠪᠥᠮᠪᠦᠭᠡ ᠶᠢᠨ | ᠲᠢᠩᠬᠢᠮ ᠡᠵᠡᠩᠨᠡᠳᠡᠭ᠃ | 2024 ᠣᠨ ᠤ ᠡᠬᠢ ᠪᠠᠷ᠂ ᠠᠷᠢᠭᠤᠨᠲᠤᠩᠭᠠᠯᠠᠭ ᠨᠢᠭᠡ ᠤᠳᠠᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠬᠤᠳᠠᠯᠳᠤᠬᠤ ᠪᠣᠯᠪᠠᠰᠤᠷᠠᠯ ᠳᠤ ᠤᠷᠤᠯᠴᠠᠭᠠᠳ ᠰᠢᠭᠤᠳ ᠨᠡᠪᠲᠡᠷᠡᠭᠦᠯᠭᠡ ᠪᠠ ᠸᠢᠳᠢᠤ᠋ ᠪᠢᠴᠢᠯᠭᠡ ᠰᠡᠭᠦᠳᠡᠷᠯᠡᠬᠦ ᠳᠤ | ᠳᠤᠷ᠎ᠠ ᠪᠠᠬ᠎ᠠ ᠲᠠᠢ ᠪᠤᠯᠤᠭᠰᠠᠨ ᠪᠠᠶᠢᠨ᠎ᠠ᠃ ᠡᠶᠢᠨᠬᠦ ᠲᠡᠷᠡ ᠪᠦᠲᠦᠭᠡᠯᠴᠢ ᠰᠡᠳᠬᠢᠬᠦᠢ ᠬᠢᠭᠡᠳ ᠤᠨᠴᠠᠯᠢᠭᠲᠤ | ᠬᠠᠷᠠᠭᠠᠰᠤ ᠲᠠᠢ ᠪᠠᠶᠢᠳᠠᠭ ᠢᠶᠠᠷ ᠢᠶᠠᠨ ᠰᠦᠯᠵᠢᠶᠡᠨ ᠢᠷᠭᠡᠳ ᠤᠨ ᠬᠦᠷᠳᠡᠭᠡᠯ ᠢ ᠤᠯᠵᠦ᠂ ᠣᠲᠣ ᠪᠣᠯᠲᠠᠯ᠎ᠠ 2.1 | ᠲᠦᠮᠡᠨ ᠬᠦᠷᠢᠶᠡᠯᠡᠭᠴᠢ ᠲᠠᠢ ᠪᠣᠯᠵᠠᠶ᠃ ᠲᠡᠷᠡ ᠰᠢᠭᠤᠳ ᠨᠡᠪᠲᠡᠷᠡᠭᠦᠯᠭᠡ ᠪᠠ ᠸᠢᠳᠢᠤ᠋ ᠪᠢᠴᠢᠯᠭᠡ ᠪᠠᠷ ᠳᠠᠮᠵᠢᠭᠤᠯᠤᠨ | ᠰᠦᠯᠵᠢᠶᠡᠨ ᠠᠷᠠᠳ ᠲᠤ ᠮᠠᠯᠴᠢᠳ ᠤᠨ ᠡᠳᠦᠷ ᠲᠤᠲᠤᠮ ᠤᠨᠠᠮᠢᠳᠤᠷᠠᠯ ᠤᠨ ᠭᠡᠰᠡᠭ ᠪᠤᠰᠠᠭ ᠪᠠ ᠵᠠᠩ ᠠᠭᠠᠯᠢ ᠶᠢ | ᠣᠶᠢᠯᠠᠭᠠᠭᠤᠯᠳᠠᠭ ᠢᠶᠠᠷ ᠪᠠᠷᠠᠬᠤ ᠥᠬᠡᠶ᠂ ᠠᠳᠠᠯᠢ ᠪᠤᠰᠤ ᠦᠨᠳᠦᠰᠦᠲᠡᠨ ᠤ ᠰᠣᠶᠣᠯ ᠤᠨ ᠬᠤᠭᠤᠷᠣᠨᠳᠣᠬᠢ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠪᠠᠰᠠ ᠮᠠᠯᠵᠢᠬᠤ ᠣᠷᠣᠨ ᠤ ᠪᠠᠶᠢᠭᠠᠯᠢ ᠶᠢᠨ ᠥᠩᠭᠡ | ᠦᠵᠡᠮᠵᠢ ᠶᠢ ᠣᠯᠠᠨ ᠲᠦᠮᠡᠨ ᠤ ᠡᠮᠦᠨ᠎ᠡ ᠳᠡᠯᠭᠡᠨ ᠦᠵᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ | ᠨᠠᠷᠢᠯᠢᠬᠵᠢᠭᠤᠯᠤᠨ ᠲᠡᠵᠢᠭᠡᠨ ᠦᠷᠡᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠦᠴᠦᠲᠡᠢ ᠤᠬᠠᠭᠤᠯᠤᠨ᠂ ᠬᠦᠮᠦᠨ | ᠪᠠᠶᠢᠭᠠᠯᠢ ᠶᠢᠨ ᠡᠶ᠎ᠡ ᠵᠣᠬᠢᠴᠠᠩᠭᠤᠶ ᠬᠠᠮᠲᠤ ᠪᠠᠷ ᠣᠷᠣᠰᠢᠬᠤ ᠰᠠᠶᠢᠨ ᠰᠠᠶᠢᠬᠠᠨ ᠪᠠᠶᠢᠳᠠᠯ ᠢ ᠬᠠᠷᠠᠭᠤᠯᠵᠦ ᠶᠠᠪᠤᠨ᠎ᠠ᠃ | ᠠᠷᠢᠭᠤᠨᠳᠤᠩᠭᠠᠯᠠᠭ ᠪᠤᠯ ᠪᠠᠰᠠᠴᠦ ᠠᠪᠠᠭ᠎ᠠ ᠬᠤᠰᠢᠭᠤᠨ ᠤ ︽ᠲᠤᠯᠭ᠎ᠠ︾ ᠬᠠᠶᠢᠷ᠎ᠠ ᠬᠠᠯᠠᠮᠵᠢ ᠶᠢᠨ | ᠬᠤᠯᠪᠤᠭᠠᠨ ᠤ ᠡᠭᠦᠰᠬᠡᠨ ᠪᠠᠶᠢᠭᠤᠯᠤᠭᠴᠢ᠃ ︽ᠲᠤᠯᠭ᠎ᠠ︾ ᠭᠡᠳᠡᠭ ᠨᠢ ᠬᠦᠰᠡᠯ ᠡᠷᠡᠮᠡᠯᠵᠡᠯ᠂ ᠤᠷᠢᠨ ᠳᠤᠯᠠᠭᠠᠨ᠂ | ᠭᠡᠭᠡᠨ ᠰᠠᠷᠠᠭᠤᠯ ᠢ ᠲᠥᠯᠥᠭᠡᠯᠡᠵᠦ ᠪᠠᠶᠢᠳᠠᠭ᠃ ᠠᠷᠪᠠᠨ ᠵᠢᠯ ᠤᠨ ᠬᠤᠭᠤᠴᠠᠭᠠᠨ ᠳᠤ᠂ ᠠᠷᠢᠭᠤᠨᠲᠤᠩᠭᠠᠯᠠᠭ | ᠥᠪᠡᠷ ᠤᠨ ︽ᠲᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭ᠎ᠠ ᠶᠢ ᠡᠭᠦᠰᠬᠡᠨ ᠪᠠᠶᠢᠭᠤᠯᠤᠭᠰᠠᠨ ᠤᠭ ᠰᠠᠨᠠᠭ᠎ᠠ ᠪᠠᠨ | ᠪᠠᠷᠢᠮᠲᠠᠯᠠᠵᠤ᠂ ᠰᠠᠶᠢᠨ ᠳᠤᠷᠠᠴᠣᠣᠯ ᠢᠶᠠᠨ ᠳᠠᠶᠢᠴᠢᠯᠠᠨ᠂ ︽ᠴᠡᠭ ᠢᠶᠠᠷ ᠨᠡᠶᠢᠳᠡᠮ ᠢ ᠳᠠᠶᠢᠴᠢᠯᠠᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠷᠦᠬᠡ ᠳᠤ ᠲᠣᠬᠢᠷᠠᠭᠤᠯᠤᠨ ᠦᠢᠯᠡᠴᠢᠯᠡᠬᠦ︾ ᠶᠢ ᠪᠠᠷᠢᠮᠲᠠᠯᠠᠵᠤ᠂ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠯᠪᠠᠰᠤᠨ ᠢᠶᠠᠷ ᠢᠳᠬᠠᠨ ᠰᠠᠨᠠᠭᠤᠯᠬᠤ ᠪᠠ ᠬᠡᠷ ᠲᠡᠭᠡᠨ | ᠬᠤᠴᠣᠷᠤᠭᠰᠠᠨ ᠨᠠᠰᠤᠲᠠᠨ᠂ ᠬᠡᠷ ᠲᠡᠭᠡᠨ ᠬᠤᠴᠣᠷᠤᠭᠰᠠᠨ ᠬᠡᠤᠬᠡᠳ᠂ ᠬᠦᠴᠢᠷᠳᠡᠯᠲᠡᠶ ᠠᠵᠢᠯᠲᠠᠨ ᠠᠵᠢᠯᠴᠢᠨ᠂ | ᠵᠡᠮᠳᠡᠭᠴᠦᠳ ᠢᠶᠠᠷ ᠬᠠᠪᠰᠤᠷᠤᠨ ᠳᠡᠳᠬᠦᠬᠦ ᠨᠢᠭᠤᠷᠯᠠᠯ ᠪᠤᠯᠭᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ 1000 ᠭᠠᠷᠤᠢ ᠤᠳᠠᠭ᠎ᠠ ᠵᠤᠬᠢᠶᠠᠨ ᠪᠠᠶᠢᠭᠤᠯᠤᠭᠰᠠᠨ ᠪᠠᠶᠢᠨ᠎ᠠ᠃ | ᠠᠷᠢᠭᠤᠨᠳᠤᠩᠭᠠᠯᠠᠭ ᠤᠨ ᠡᠵᠢ ᠨᠢ ᠭᠠᠷᠪᠤ ᠨᠠᠰᠤᠲᠠᠨ ᠤᠤᠯ ᠤᠨ ᠪᠤᠭᠳᠠᠠᠭᠤᠯᠠ ᠰᠤᠮᠤᠨ ᠤ ᠡᠷᠡᠭᠦᠯ | ᠬᠠᠮᠠᠭᠠᠯᠠᠯ ᠤᠨ ᠬᠤᠷᠢᠶᠠᠨ ᠤ ᠬᠤᠷᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠵᠠᠶ᠃ ᠲᠡᠷᠡ ᠠᠵᠢᠯ ᠳᠤ | ᠪᠠᠶᠢᠭᠰᠠᠨ ᠬᠤᠭᠤᠴᠠᠭᠠᠨ ᠳᠤ ᠪᠠᠨ᠂ ᠦᠷᠭᠦᠯᠵᠢ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠰᠤᠯᠠ | ᠰᠡᠯᠡᠭᠦᠦ ᠴᠠᠭ ᠢᠶᠠᠨ ᠠᠰᠢᠭᠯᠠᠨ ᠡᠯ᠎ᠡ ᠲᠥᠷᠥᠯ ᠤᠨ ᠠᠯᠪᠠᠨ ᠵᠢᠷᠤᠮ ᠤᠨ ᠡᠮᠴᠢᠯᠡᠭᠡ ᠬᠢᠳᠡᠭ ᠪᠠᠶᠢᠵᠠᠢ᠃ ᠡᠨᠡ | ᠰᠠᠶᠢᠬᠠᠨ ᠭᠡᠷ ᠪᠦᠯᠢ ᠶᠢᠨ ᠨᠠᠨᠳᠢᠨ ᠰᠤᠷᠳᠠᠯ ᠢ ᠦᠪᠯᠡᠵᠦ ᠶᠠᠪᠤᠭ᠎ᠠ ᠠᠷᠢᠭᠤᠨᠳᠤᠩᠭᠠᠯᠠᠭ ᠦᠪᠡᠷᠳᠡᠭᠡᠨ ᠪᠤᠶᠠᠨᠰᠠᠭ | ᠦᠢᠯᠡ ᠳᠤ ᠬᠦᠳᠡᠯᠮᠤᠷᠢ ᠤᠬᠠᠭᠠᠨ ᠵᠤᠷᠢᠭᠤᠯᠵᠦ ᠶᠠᠪᠤᠭ᠎ᠠ ᠮᠦᠷᠳᠡᠭᠡᠨ ᠣᠳᠣ ᠲᠡᠭᠦᠨ ᠤ ᠬᠦᠦ ᠨᠢ ᠴᠦ | ᠡᠵᠢ ᠶᠢᠨ ᠢᠶᠠᠨ ᠰᠢᠯᠢᠳᠡᠭ ᠰᠣᠷᠲᠠᠯ ᠢ ᠤᠯᠠᠮᠵᠢᠯᠠᠨ᠂ ︽ᠲᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭᠠᠨ ᠤ ᠨᠢᠭᠡᠨ | ᠭᠡᠰᠢᠬᠦᠨ ᠤ ᠬᠤᠪᠢ ᠪᠠᠷ ᠡᠵᠢ ᠲᠠᠢ ᠪᠠᠨ ᠬᠠᠮᠳᠦ᠂ ᠠᠪᠠᠭ᠎ᠠ ᠬᠤᠰᠢᠭᠤᠨ ᠤ ᠪᠤᠯᠪᠠᠰᠤᠨ ᠳᠠᠪᠰᠢᠯᠲᠠ ᠳᠤ ᠥᠩᠭᠡ | ᠨᠡᠮᠡᠷᠢᠯᠡᠵᠦ᠂ ᠬᠠᠮᠲᠤᠪᠡᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠡᠷ ᠡᠳ᠋ᠯᠡᠬᠦ ᠦᠨᠳᠦᠰᠦᠨ ᠱᠠᠲᠤᠨ ᠤ | ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠪᠤᠳᠠᠳᠦ ᠦᠢᠯᠡᠳᠦᠯᠭᠡ ᠶᠢᠨ ᠭᠡᠷᠡᠴᠢᠯᠡᠯ ᠪᠤᠯᠵᠦ ᠶᠠᠪᠤᠭ᠎ᠠ ᠨᠢ | ᠪᠠᠭ᠋ᠠᠳᠤᠭᠤᠰᠢᠳᠠᠢ᠃ | ᠨᠠᠷᠠᠨᠪᠤᠯᠠᠭ ᠰᠤᠮᠤ ᠨᠢ ᠡᠶᠢᠨᠬᠦ ︽ᠠᠷᠢᠭᠤᠨ ᠡᠭᠡᠴᠢ︾ ᠪᠠᠷ ᠬᠡᠪ ᠳᠠᠭᠤᠷᠢᠶᠠᠯ ᠪᠣᠯᠭᠠᠵᠤ᠂ ᠣᠯᠠᠨ ᠬᠠᠷᠠᠭᠠᠰᠤ᠂ | ᠣᠯᠠᠨ ᠠᠷᠭ᠎ᠠ ᠵᠠᠮ ᠢᠶᠠᠷ ᠰᠢᠨ᠎ᠡ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ ᠰᠢᠯᠢᠳᠡᠭ ᠰᠣᠶᠣᠯ ᠢ ᠤᠯᠠᠮᠵᠢᠯᠠᠨ | ᠵᠠᠯᠭᠠᠮᠵᠢᠯᠠᠬᠤ ᠪᠠ ᠪᠠᠳᠠᠷᠠᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠥᠭᠡᠳ ᠦᠨᠳᠦᠰᠦᠨ ᠱᠠᠲᠤᠨ | ᠤ ᠵᠠᠰᠠᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠳᠤ ᠨᠡᠩ ᠣᠯᠠᠨ | ᠬᠥᠭᠵᠢᠯᠲᠡ ᠶᠢᠨ ᠠᠵᠠ ᠲᠣᠬᠢᠶᠠᠯ ᠢ ᠡᠬᠦᠳᠬᠦ ᠪᠠᠷ ᠴᠢᠷᠮᠠᠶᠢᠵᠦ ᠶᠠᠪᠤᠨ᠎ᠠ᠃ |