ᠠᠪᠠᠭᠠᠴᠤᠤᠯ ᠬᠠᠮᠲᠤ ᠪᠠᠷ ᠭᠠᠯ ᠢᠶᠠᠨ ᠲᠠᠬᠢᠵᠠᠭᠠᠨ ᠭᠡᠰᠢᠭ ᠬᠤᠷᠤᠶᠢᠯᠠᠯ᠎ᠠ
ᠨᠡᠶᠢᠲᠡᠯᠡᠭᠰᠡᠨ ᠴᠠᠭ᠄
2025/2/21
     ᠬᠦᠬᠡᠭᠡ ᠰᠠᠷ᠎ᠠ ᠶᠢᠨ 23 ᠤ ᠡᠳᠦᠷ ︵ᠠᠷᠭ᠎ᠠ ᠶᠢᠨ ᠤᠯᠠᠷᠢᠯ ᠤᠨ 2 ᠰᠠᠷ᠎ᠠ ᠶᠢᠨ 2 ᠤᠨ ᠡᠳᠦᠷ︶ ᠬᠠᠷᠠᠨᠠᠭᠤᠷ ᠴᠡᠴᠡᠷᠯᠢᠭ ᠤᠨ ᠪᠦᠯᠬᠦᠮᠳᠡᠯ ᠠᠭᠤᠳᠠᠮ ᠲᠠᠯᠠᠪᠠᠢ ᠳᠤ ᠠᠷᠴᠠ ᠰᠠᠩ ᠤᠨ ᠦᠨᠦᠷ ᠬᠠᠩᠬᠤᠯᠵᠦ᠂   ᠲᠠᠬᠢᠯᠭᠠᠴᠢᠨ ᠤᠯᠠᠨ ᠰᠦᠰᠦᠭᠯᠡᠨ ᠴᠤᠭᠯᠠᠷᠠᠵᠦ ᠪᠠᠶᠢᠭᠰᠠᠨ ᠨᠢ ᠠᠪᠠᠭᠠᠴᠤᠤᠯ ᠤᠨ ᠬᠠᠮᠲᠤ ᠶᠢᠨ ᠭᠠᠯ ᠲᠠᠬᠢᠯᠭ᠎ᠠ ᠶᠢᠨ ᠠᠬᠤᠢ ᠲᠠᠯᠠᠪᠠᠢ ᠪᠤᠯᠤᠨ᠎ᠠ᠂ ᠠᠪᠠᠭᠠᠴᠤᠤᠯ ᠤᠯᠠᠮᠵᠢᠯᠠᠯᠳᠦ ᠶᠤᠰᠤ ᠵᠠᠩᠰᠢᠯ ᠢᠶᠠᠷ ᠢᠶᠠᠨ ᠭᠠᠯ ᠢᠶᠠᠨ ᠲᠠᠬᠢᠵᠠᠭᠠᠨ᠂  ᠭᠠᠯ ᠤᠨ ᠪᠤᠷᠬᠠᠨ ᠳᠤ ᠪᠠᠨ ᠢᠷᠡᠬᠦ ᠵᠢᠯ ᠤᠨ  ᠠᠮᠤᠷ ᠠᠮᠤᠭᠤᠯᠠᠩ᠂ ᠦᠬᠡᠳᠡ ᠡᠰᠡᠷᠡᠭ ᠢᠶᠠᠨ ᠳᠠᠭᠠᠳᠬᠠᠨ ᠮᠦᠷᠬᠦᠵᠡᠬᠡᠯ᠎ᠡ᠃      ᠦᠳᠡᠰᠢ ᠶᠢᠨ 17᠄ 00 ᠴᠠᠭ ᠲᠤ ᠤᠳᠤᠳ ᠲᠦᠭᠡᠬᠦ ᠶᠢᠨ ᠠᠯᠳᠠ ᠳᠤ ᠬᠠᠮᠲᠤ ᠶᠢᠨ ᠭᠠᠯ ᠲᠠᠬᠢᠯᠭ᠎ᠠ ᠶᠢᠨ ᠶᠣᠰᠤᠯᠠᠯ ᠡᠬᠢᠯᠡᠵᠦ᠂ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠤᠯᠭ᠎ᠠ ᠶᠢᠨ ᠭᠠᠯ ᠢ ᠠᠰᠠᠭᠠᠨ ᠳᠦᠷᠡᠯᠵᠡᠭᠦᠯᠵᠦ᠂ ᠲᠤᠯᠭ᠎ᠠ ᠶᠢᠨ ᠭᠠᠯ ᠲᠦᠷᠡᠯᠵᠡᠨ ᠪᠠᠳᠠᠷᠠᠬᠤ ᠲᠠᠢ ᠵᠡᠷᠭᠡ ᠥᠴᠢᠭ  ᠲᠠᠭᠤᠳᠠᠭᠠᠴᠢᠳ ᠠᠴᠠ  ᠲᠠᠭᠤᠳᠠᠯᠭ᠎ᠠ ᠤᠩᠰᠢᠨ᠂ ᠭᠠᠯ ᠤᠨ ᠥᠴᠢᠭ  ᠠᠶᠢᠯᠠᠳᠴᠦ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠲᠡᠷᠢᠬᠦᠯᠡᠨ᠂ ᠲᠤᠯᠭ᠎ᠠ ᠶᠢᠨ ᠭᠠᠯ ᠳᠤ ᠤᠯᠠᠮᠵᠢᠯᠠᠯᠲᠤ ᠶᠣᠰᠤᠭᠠᠷ ᠵᠠᠰᠠᠵᠤ ᠶᠠᠩᠵᠤᠯᠠᠭᠰᠠᠨ ᠡᠪᠴᠢᠭᠦᠦ ᠡᠷᠬᠦᠵᠦ᠂ ᠵᠠᠯᠭᠠᠭᠠᠳ ᠲᠠᠬᠢᠯᠭᠠᠴᠢᠨ ᠤᠯᠠᠨ ᠢᠳᠡᠭᠡᠨ ᠤ ᠳᠡᠭᠡᠵᠢ᠂ ᠰᠠᠷᠬᠤᠳ ᠤᠨ ᠳᠡᠭᠡᠵᠢ ᠭᠡᠬᠦ ᠮᠡᠲᠦᠴᠢᠯᠡᠨ ᠲᠠᠬᠢᠯᠭ᠎ᠠ ᠶᠢᠨ ᠪᠤᠳᠠᠰ ᠢᠶᠠᠨ ᠡᠷᠬᠦᠵᠡᠭᠡᠬᠦ ᠳᠤ ᠭᠠᠯ ᠲᠠᠬᠢᠯᠭ᠎ᠠ ᠶᠢᠨ ᠢᠷᠦᠭᠡᠯ ᠤᠩᠰᠢᠯ᠎ᠠ᠃ ᠲᠠᠬᠢᠯᠭᠠᠴᠢᠨ ᠣᠯᠠᠨ ᠲᠤᠯᠭ᠎ᠠ ᠶᠢᠨ ᠭᠠᠯ ᠢᠶᠠᠨ ᠨᠠᠷᠠᠨ ᠵᠦᠪ ᠭᠤᠷᠪᠠᠨᠲᠠ ᠡᠷᠭᠢᠨ᠂ ᠭᠠᠯ ᠤᠨ ᠪᠤᠷᠬᠠᠨ ᠳᠤ ᠪᠠᠨ ᠠᠯᠢᠪᠠ ᠰᠠᠶᠢᠨ ᠰᠠᠶᠢᠬᠠᠨ ᠪᠤᠶᠠᠨ ᠬᠡᠰᠢᠭ ᠢᠶᠠᠨ ᠳᠠᠭᠠᠳᠬᠠᠨ ᠮᠦᠷᠭᠦᠵᠡᠭᠡᠵᠦ᠂ ᠭᠠᠯ ᠲᠠᠬᠢᠯᠭ᠎ᠠ ᠶᠢᠨ ᠬᠡᠰᠢᠭ  ᠬᠦᠷᠳᠡᠵᠡᠭᠡᠪᠡ᠃      ᠰᠤᠷᠪᠤᠯᠵᠢᠯᠠᠭ᠎ᠠ᠄      ᠠᠪᠠᠭ᠎ᠠ ᠬᠤᠰᠢᠭᠤᠨ ᠤ ᠬᠠᠮᠲᠦ ᠶᠢᠨ ᠭᠠᠯ ᠲᠠᠬᠢᠯᠭ᠎ᠠ ᠶᠢ ᠠᠪᠠᠭ᠎ᠠ ᠤᠭᠰᠠᠭᠠᠨ ᠰᠣᠶᠣᠯ ᠢ ᠦᠪᠯᠡᠨ ᠳᠡᠯᠭᠡᠷᠡᠭᠦᠯᠬᠦ ᠨᠡᠶᠢᠭᠡᠮᠯᠢᠭ ᠠᠴᠠ ᠡᠷᠬᠢᠯᠡᠨ ᠶᠠᠪᠤᠭᠳᠠᠭᠤᠯᠵᠤ᠂ ᠠᠷᠪᠠᠨ ᠲᠠᠪᠤᠳᠠᠬᠢ ᠤᠳᠠᠭ᠎ᠠ ᠪᠠᠨ ᠶᠠᠪᠤᠭᠳᠠᠭᠰᠠᠨ ᠪᠠᠶᠢᠨ᠎ᠠ᠃ ᠬᠠᠮᠲᠦ ᠶᠢᠨ ᠭᠠᠯ ᠲᠠᠬᠢᠯᠭ᠎ᠠ ᠨᠢ ᠬᠤᠲᠠ ᠣᠷᠤᠭᠰᠠᠨ ᠮᠠᠯᠴᠢᠨ ᠮᠣᠩᠭᠤᠯᠴᠤᠳ ᠲᠤ ᠪᠠᠨ ᠦᠨᠳᠦᠰᠦᠲᠡᠨ ᠤ ᠤᠯᠠᠮᠵᠢᠯᠠᠯᠲᠤ ᠶᠣᠰᠤ ᠵᠠᠩᠰᠢᠯ ᠢᠶᠠᠨ  ᠦᠪᠯᠡᠨ ᠦᠯᠡᠳᠡᠭᠡᠬᠦ ᠳᠤ ᠳᠦᠬᠦᠮ ᠨᠦᠬᠦᠴᠡᠯ ᠢ ᠬᠠᠩᠭᠠᠵᠦ᠂ ᠢᠷᠡᠵᠦ ᠪᠤᠢ ᠬᠦᠬᠡ ᠯᠤᠤ ᠵᠢᠯ ᠳᠤ ᠪᠠᠨ ᠠᠯᠢᠪᠠ ᠰᠠᠶᠢᠨ ᠰᠠᠶᠢᠬᠠᠨ ᠢᠶᠠᠨ ᠬᠦᠰᠡᠨ ᠳᠠᠭᠠᠳᠬᠠᠭᠰᠠᠨ ᠰᠠᠶᠢᠬᠠᠨ ᠠᠵᠢᠯᠯᠠᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号