1 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ 9᠄ 30 ᠳᠤ᠂ ᠠᠪᠠᠭ᠎ᠠ ᠬᠤᠰᠢᠭᠤᠨ ᠤ | ᠬᠠᠷᠠᠨᠠᠭᠤᠷ ᠴᠡᠴᠡᠷᠯᠢᠭ ᠤᠨ ᠮᠦᠰᠦ ᠲᠠᠰᠢᠯᠳᠠ ᠶᠢᠨ ᠲᠠᠯᠠᠪᠠᠢ ᠬᠥᠷ ᠬᠥᠭᠵᠢᠶᠡᠨ ᠢᠶᠠᠷ ᠪᠢᠯᠬᠠᠵᠤ᠂ 2025 ᠣᠨ ᠤ | ᠰᠢᠯᠢ ᠶᠢᠨ ᠭᠤᠤᠯ ᠠᠶᠢᠮᠠᠭ ᠤᠨ ᠵᠠᠯᠠᠭᠤᠴᠤᠳ ᠪᠠᠭᠠᠴᠤᠳ ᠤᠨ ᠮᠦᠰᠦᠨ ᠳᠡᠭᠡᠷᠡᠬᠢ ᠲᠦᠷᠭᠡᠨ ᠲᠡᠰᠢᠯᠲᠡ ᠶᠢᠨ | ᠮᠠᠩᠯᠠᠶ ᠰᠢᠯᠭᠠᠷᠠᠭᠤᠯᠬᠤ ᠤᠷᠤᠯᠳᠤᠭᠠᠨ ᠤ ᠠᠪᠠᠭ᠎ᠠ ᠬᠤᠰᠢᠭᠤᠨ ᠤ ᠬᠤᠪᠢᠶᠠᠷᠢ ᠲᠠᠯᠠᠪᠠᠢ ᠶᠢᠨ ᠤᠷᠤᠯᠳᠤᠭᠠᠨ ᠵᠢᠴᠢ | ᠠᠪᠠᠭ᠎ᠠ ᠬᠤᠰᠢᠭᠤᠨ ᠤ 2025 ᠣᠨ ᠤ ᠨᠡᠶᠢᠭᠡᠮ ᠲᠣᠭᠤᠷᠢᠭ ᠤᠨ ᠮᠥᠰᠥᠨ ᠳᠡᠭᠡᠷᠡᠬᠢ ᠰᠤᠨᠢᠷᠬᠠᠯᠳᠦ ᠲᠠᠮᠢᠷ ᠤᠨ | ᠴᠤᠭᠯᠠᠭᠠᠨ ᠬᠦᠭᠵᠢᠶᠠᠨ ᠨᠠᠷᠬᠢᠶᠠᠨ ᠲᠠᠢ ᠶᠠᠪᠤᠭᠳᠠᠪᠠ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠭᠦᠸᠧ ᠴᠦᠨ ᠮᠧᠶ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ | ᠲᠣᠰ ᠤᠳᠠᠭᠠᠨ ᠤ ᠤᠷᠤᠯᠳᠤᠭᠠᠨ ᠢ ᠠᠪᠠᠭ᠎ᠠ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠠᠪᠠᠭ᠎ᠠ ᠬᠤᠰᠢᠭᠤᠨ ᠤ ᠠᠵᠢᠯ ᠤᠨ ᠴᠢᠯᠥᠭᠡᠨ ᠤ ᠪᠡᠶ᠎ᠡ ᠶᠢᠨ | ᠲᠠᠮᠢᠷ ᠤᠨ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠪᠡ᠃ ᠠᠵᠢᠯᠯᠠᠭ᠎ᠠ ᠨᠢ ᠤᠯᠤᠰ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠂ ᠢᠳᠡᠪᠬᠢᠲᠡᠶ | ᠥᠭᠡᠳᠡᠯᠡᠨ ᠳᠠᠪᠰᠢᠭᠰᠠᠨ᠂ ᠡᠷᠡᠭᠦᠯ ᠴᠢᠭᠢᠷᠠᠭ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ | ᠪᠣᠶ ᠪᠣᠯᠭᠠᠬᠤ ᠪᠠᠷ ᠵᠤᠷᠢᠯᠭ᠎ᠠ ᠪᠠᠨ ᠪᠤᠯᠭᠠᠭᠰᠠᠨ ᠶᠤᠮ᠃ | ᠠᠬᠤᠢ ᠲᠠᠯᠠᠪᠠᠢ ᠳᠤ ᠮᠦᠰᠦᠨ ᠴᠢᠷᠭ᠎ᠠ ᠶᠢᠨ ᠤᠷᠤᠯᠳᠤᠭᠠᠨ᠂ ᠮᠥᠰᠥᠨ ᠳᠡᠭᠡᠷᠡᠬᠢ ᠱᠠᠭ᠎ᠠ᠂ ᠮᠥᠰᠥᠨ | ᠳᠡᠭᠡᠷᠡᠬᠢ ᠲᠤᠭᠤᠷᠢᠭᠤᠯ᠂ ᠴᠠᠰᠤᠲᠤ ᠲᠠᠯ᠎ᠠ ᠶᠢᠨ ᠬᠠᠷᠪᠤᠭ᠎ᠠ ᠵᠡᠷᠭᠡ 4 ᠵᠦᠢᠯ ᠤᠨ ᠤᠷᠤᠯᠳᠤᠭᠠᠨ ᠢᠶᠠᠷ ᠶᠠᠪᠤᠭᠳᠠᠵᠤ᠂ | ᠮᠠᠰᠢ ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠠᠶ᠃ ᠤᠷᠤᠯᠳᠤᠭᠠᠨ ᠳᠤ | ᠤᠷᠤᠯᠴᠠᠭᠰᠠᠳ ᠤᠷᠮ᠎ᠠ ᠵᠤᠷᠢᠭ ᠦᠨᠳᠦᠷ᠂ ᠢᠳᠡᠭᠡᠯ ᠲᠡᠬᠦᠯᠳᠡᠷ ᠴᠢᠷᠮᠠᠶᠢᠨ ᠦᠷᠢᠰᠦᠯᠳᠦᠨ᠎ᠡ᠃ ᠮᠦᠰᠦᠨ ᠴᠢᠷᠭ᠎ᠠ | ᠶᠢᠨ ᠤᠷᠤᠯᠳᠤᠭᠠᠨ ᠨᠢ ᠬᠤᠷᠳᠤᠴᠠ ᠰᠤᠷᠢᠯᠴᠠᠬᠤ ᠳᠤ ᠮᠦᠰᠦᠨ ᠲᠡᠭᠡᠷᠡᠬᠢ ᠱᠠᠭ᠎ᠠ ᠶᠢᠨ ᠤᠷᠤᠯᠳᠤᠭᠠᠨ ᠨᠢ ᠲᠡᠮ | ᠠᠩᠬᠠᠷᠤᠯ᠂ ᠤᠢ ᠤᠬᠠᠭᠠᠨ ᠰᠢᠯᠭᠠᠵᠦ᠂ ᠮᠦᠰᠦᠨ ᠲᠡᠭᠡᠷᠡᠬᠢ ᠲᠤᠭᠤᠷᠢᠭᠤᠯ ᠤᠨ ᠤᠷᠤᠯᠳᠤᠭᠠᠨ ᠨᠢ ᠨᠡᠩ ᠴᠦ | ᠨᠠᠭᠠᠳᠤᠮ ᠲᠤᠭᠯᠠᠭᠠᠮ᠂ ᠢᠨᠢᠶᠡᠳᠦ ᠪᠠᠶᠠᠷ ᠢᠶᠠᠷ ᠴᠠᠯᠬᠢᠯᠠᠵᠦ᠂ ᠰᠤᠷ ᠬᠠᠷᠪᠤᠯᠳᠠ ᠨᠢ ᠡᠷᠡᠭᠡᠢ ᠮᠡᠷᠭᠡᠨ ᠬᠠᠷᠪᠤᠭᠠᠴᠢᠳ | ᠤᠨ ᠡᠷᠳᠡᠮ ᠦᠵᠡᠬᠦᠯᠵᠦ ᠪᠠᠶᠢᠯ᠎ᠠ᠃ | ᠲᠣᠰ ᠤᠳᠠᠭᠠᠨ ᠤ ᠤᠷᠤᠯᠳᠤᠭᠠᠨ ᠨᠢ ᠰᠢᠭᠰᠢᠬᠦ ᠳᠦᠷᠢᠮ ᠢᠶᠠᠷ ᠶᠠᠪᠤᠭᠳᠠᠵᠦ᠂ ᠳᠤᠭᠤᠶᠢᠯᠠᠩ ᠪᠦᠷᠢ ᠶᠢᠨ | ᠡᠮᠦᠨᠡᠬᠢ 10 ᠬᠦᠮᠦᠨ ᠲᠤ ᠱᠠᠩᠨᠠᠯ ᠤᠯᠭᠤᠵᠠᠢ᠃ | ᠠᠪᠠᠭ᠎ᠠ ᠬᠤᠰᠢᠭᠤᠨ ᠤ 2025 ᠣᠨ ᠤ ᠨᠡᠶᠢᠭᠡᠮ ᠲᠣᠭᠤᠷᠢᠭ ᠤᠨ ᠮᠥᠰᠥᠨ ᠳᠡᠭᠡᠷᠡᠬᠢ ᠲᠠᠮᠢᠷ ᠤᠨ | ᠴᠤᠭᠯᠠᠭᠠᠨ ᠢ ᠡᠶᠢᠨᠬᠦ ᠠᠮᠵᠢᠯᠲᠠ ᠲᠠᠢ ᠡᠷᠬᠢᠯᠡᠭᠰᠡᠨ ᠨᠢ ᠲᠤᠬᠠᠶ ᠶᠢᠨ ᠭᠠᠵᠠᠷ ᠤᠨ ᠡᠪᠦᠯ ᠤᠨ ᠤᠯᠠᠷᠢᠯ ᠤᠨ ᠮᠥᠰᠥ | ᠴᠠᠰᠤᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠲᠤ ᠲᠠᠮᠢᠷ ᠤᠨ | ᠬᠥᠳᠡᠯᠭᠡᠭᠡᠨ ᠳᠤ ᠤᠷᠤᠯᠴᠠᠬᠤ ᠪᠠᠶᠠᠷ ᠪᠠᠶᠠᠰᠤᠯ ᠢ ᠤᠯᠭᠤᠨ᠂ ᠮᠠᠨ ᠤ ᠬᠤᠰᠢᠭᠤᠨ ᠤ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠤᠯᠠᠮ ᠠᠬᠢᠭᠤᠯᠤᠭᠰᠠᠨ ᠪᠠᠶᠢᠨ᠎ᠠ᠃ |