ᠠᠪᠠᠭ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠬᠡᠶᠢᠮᠦᠷᠢ ᠬᠤᠨᠳᠠᠭᠠᠲᠤ︾ ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠬᠥᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠬᠦᠭᠵᠢᠶᠠᠨᠳᠠᠢ ᠡᠬᠢᠯᠡᠪᠡ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂  ᠦᠯᠵᠡᠢ ᠪᠠᠯᠭᠡ ᠲᠠᠢ ᠴᠠᠭᠠᠨ ᠰᠠᠷ᠎ᠠ ᠶᠢᠨ ᠬᠤᠭᠤᠴᠠᠭᠠᠨ ᠳᠤ᠂ ᠠᠪᠠᠭ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠬᠡᠶᠢᠮᠦᠷᠢ ᠬᠤᠨᠳᠠᠭᠠᠲᠤ︾  ᠪᠥᠬᠦ ᠠᠶᠢᠮᠠᠭ ᠤᠨ ᠳᠣᠯᠣᠭᠠᠨ ᠬᠥᠮᠥᠨ ᠤ ᠳᠦᠷᠢᠮᠲᠦ ᠵᠠᠯᠠᠭᠤᠴᠤᠳ ᠪᠠᠭᠠᠴᠤᠳ ᠤᠨ ᠬᠥᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠬᠤᠰᠢᠭᠤ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ  ᠲᠤ ᠬᠦᠭᠵᠢᠶᠠᠨᠳᠠᠢ ᠡᠬᠢᠯᠡᠪᠡ᠃      ᠪᠥᠬᠦ ᠠᠶᠢᠮᠠᠭ ᠤᠨ 8 ᠲᠥᠯᠥᠭᠡᠯᠡᠭᠴᠢᠳ ᠤᠨ ᠠᠩᠭᠢ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠤ᠂ 200 ᠭᠠᠷᠤᠢ ᠬᠦᠯ ᠪᠦᠮᠪᠦᠭᠡ ᠶᠢᠨ ᠪᠠᠭ᠋ᠠᠳᠠᠳ ᠲᠠᠯᠠᠪᠠᠢ ᠲᠦᠬᠦᠷᠡᠩ ᠰᠠᠭᠤᠯᠴᠠᠨ᠂ ᠤᠨᠴᠠ ᠶᠢᠨ ᠬᠦᠷ ᠨᠠᠷᠭᠢᠶᠠᠨ ᠲᠠᠢ ᠪᠠᠶᠢᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃      ᠲᠣᠰ ᠤᠳᠠᠭᠠᠨ ᠤ ᠤᠷᠢᠯᠭ᠎ᠠ ᠶᠢᠨ ᠤᠷᠤᠯᠳᠤᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠳᠤᠭᠤᠶᠢᠯᠠᠩ ᠤᠨ ᠤᠷᠤᠯᠳᠤᠭᠠᠨ᠂  ᠰᠤᠯᠪᠢᠴᠠᠭᠰᠠᠨ ᠤᠷᠤᠯᠳᠤᠭᠠᠨ᠂ ᠰᠢᠢᠳᠪᠦᠷᠢᠲᠦ ᠤᠷᠤᠯᠳᠤᠭᠠᠨ  ᠭᠤᠷᠪᠠᠨ ᠡᠭᠡᠯᠵᠢ ᠶᠢᠨ ᠤᠷᠤᠯᠳᠤᠭᠠᠨ ᠢᠶᠠᠷ  ᠶᠠᠪᠤᠭᠳᠠᠨ᠎ᠠ᠃ ᠡᠯ᠎ᠡ ᠬᠤᠰᠢᠭᠤ ᠰᠢᠶᠠᠨ  ᠠᠴᠠ ᠬᠦᠷᠦᠯᠴᠡᠨ ᠢᠷᠡᠭᠰᠡᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠠᠩᠭᠢ ᠶᠢᠨ ᠲᠠᠮᠢᠷᠴᠢᠳ ᠴᠤᠭ ᠵᠢᠪᠬᠤᠭ᠎ᠠ ᠪᠠᠳᠠᠷᠠᠩᠭᠤᠶ᠂ ᠦᠷᠢᠰᠦᠯᠳᠦᠭᠡᠨ ᠤ ᠵᠣᠷᠢᠭ ᠣᠷᠭᠢᠯᠤᠮ᠎ᠠ ᠪᠠᠶᠢᠪᠠ᠃  ᠲᠡᠳᠡ ᠡᠨᠡ ᠬᠦ ᠬᠦᠰᠡᠯ ᠪᠢᠯᠬᠠᠭᠰᠠᠨ ᠨᠣᠭᠤᠭᠠᠨ ᠲᠡᠪᠵᠢᠶᠡᠨ ᠲᠡᠭᠡᠷᠡᠬᠢ ᠤᠷᠤᠯᠳᠤᠭᠠᠨ ᠨᠢᠭᠡᠪᠦᠷᠢ  ᠳᠤ ᠤᠬᠠᠭᠠᠨ ᠴᠢᠳᠠᠯ᠂ ᠤᠷ᠎ᠠ ᠮᠡᠷᠭᠡᠵᠢᠯ᠂ ᠤᠮᠤᠭ ᠵᠤᠷᠢᠭ ᠢᠶᠠᠨ ᠰᠤᠷᠢᠯᠴᠠᠬᠤ ᠪᠤᠯᠤᠨ᠎ᠠ᠃      ᠣᠶᠢᠷ᠎ᠠ ᠶᠢᠨ ᠵᠢᠯ ᠤᠳ ᠲᠤ᠂ ᠠᠪᠠᠭ᠎ᠠ ᠬᠤᠰᠢᠭᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠪᠠᠷ ᠴᠢᠷᠮᠠᠶᠢᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠨᠡᠩ ᠤᠯᠠᠨ ᠠᠵᠠ ᠲᠣᠬᠢᠶᠠᠯ ᠢ ᠡᠭᠦᠳᠴᠦ ᠥᠭᠬᠦ ᠪᠠᠷ ᠴᠢᠷᠮᠠᠶᠢᠭᠰᠠᠭᠠᠷ ᠢᠷᠡᠵᠡᠶ᠃ ︽ᠬᠡᠶᠢᠮᠦᠷᠢ ᠬᠤᠨᠳᠠᠭᠠᠲᠤ︾ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠪᠣᠯ ᠮᠠᠨ ᠤ ᠬᠤᠰᠢᠭᠤᠨ ᠤ ᠪᠡᠶ᠎ᠡ ᠶᠢᠨ ᠲᠠᠮᠢᠷ ᠤᠨ ᠨᠠᠷᠠᠲᠤ ᠲᠡᠮᠳᠡᠭᠳᠦ ᠤᠷᠤᠯᠳᠤᠭᠠᠨ ᠪᠤᠯᠬᠤ ᠶᠤᠮ᠃ ᠲᠣᠰ ᠤᠳᠠᠭᠠᠨ ᠤ ᠤᠷᠤᠯᠳᠤᠭᠠᠨ ᠢ ᠡᠷᠭᠢᠯᠡᠭᠰᠡᠨ ᠨᠢ ᠶᠠᠭ ᠡᠨᠡ ᠬᠦ ᠬᠥᠭᠵᠢᠯᠲᠡ ᠶᠢᠨ ᠣᠶᠢᠯᠠᠭᠠᠭᠳᠠᠬᠤᠨ ᠤ ᠠᠮᠢᠳᠤᠯᠢᠭ ᠦᠢᠯᠡᠳᠦᠯᠭᠡ ᠪᠤᠯᠤᠨ᠎ᠠ᠂ ᠲᠡᠷᠡ ᠨᠢ ᠨᠠᠩ ᠣᠯᠠᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠮ᠎ᠠ ᠪᠠᠬ᠎ᠠ ᠶᠢ ᠬᠦᠭᠵᠢᠭᠡᠵᠦ᠂ ᠨᠠᠩ ᠥᠨᠳᠥᠷ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠭᠤᠯᠵᠤ᠂ ᠪᠥᠬᠦ ᠠᠶᠢᠮᠠᠭ ᠤᠨ ᠬᠥᠯ ᠪᠥᠮᠪᠦᠭᠡ ᠶᠢᠨ ᠦᠢᠯᠡᠰ ᠤᠨ ᠥᠷᠨᠢᠩᠭᠦᠶ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ  ᠢᠶᠠᠨ ᠨᠡᠮᠡᠷᠢᠯᠡᠬᠦ ᠶᠢ ᠵᠤᠷᠢᠭᠵᠢᠭᠤᠯᠤᠭᠰᠠᠨ ᠶᠤᠮ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号