ᠭᠤᠷᠪᠠᠨ ᠡᠳᠦᠷ ᠤᠨ ᠬᠤᠷᠴᠠ ᠰᠢᠷᠦᠬᠦᠨ ᠦᠷᠢᠰᠦᠯᠳᠦᠭᠡᠨ ᠢᠶᠠᠷ ᠲᠠᠮᠵᠢᠨ᠂ 2 ᠰᠠᠷ᠎ᠠ ᠶᠢᠨ 8 ᠤ ᠡᠳᠦᠷ | ᠠᠪᠠᠭ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠬᠡᠶᠢᠮᠤᠷᠢ ᠬᠤᠨᠳᠠᠭᠠᠳᠦ︾ ᠪᠦᠬᠦ ᠠᠶᠢᠮᠠᠭ ᠤᠨ | ᠲᠤᠯᠤᠭᠠᠨ ᠬᠦᠮᠦᠨ ᠤ ᠲᠦᠷᠢᠮᠳᠦ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠤᠷᠢᠯᠭ᠎ᠠ ᠶᠢᠨ | ᠤᠷᠤᠯᠳᠤᠭᠠᠨ ᠬᠤᠰᠢᠭᠤ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ | ᠲᠤ ᠲᠡᠬᠦᠰ ᠠᠮᠵᠢᠯᠳᠠ ᠲᠠᠢ ᠦᠨᠳᠦᠷᠯᠡᠵᠦ᠂ ᠵᠡᠭᠦᠨ ᠦᠵᠦᠮᠦᠴᠢᠨ ᠬᠤᠰᠢᠭᠤᠨ ᠤ ᠲᠦᠯᠦᠭᠡᠯᠡᠭᠴᠢᠳ ᠤᠨ ᠠᠩᠬᠢ | ᠲᠡᠷᠢᠬᠦᠯᠡᠪᠡ᠃ | ᠤᠷᠤᠯᠳᠤᠭᠠᠨ ᠳᠤ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ 2000 | ᠤᠨ ᠠᠴᠠ ᠬᠤᠶᠢᠰᠢ ᠲᠦᠷᠦᠭᠰᠡᠨ ᠬᠦᠯ ᠪᠦᠮᠪᠦᠭᠡ ᠶᠢᠨ ᠲᠠᠮᠢᠷᠴᠢᠳ ᠬᠦᠯ ᠪᠦᠮᠪᠦᠭᠡ ᠢᠰᠬᠦᠯᠬᠦ ᠮᠡᠷᠭᠡᠵᠢᠯ ᠤᠨ | ᠭᠤᠶᠢᠳᠠ ᠪᠠ ᠪᠠᠶ᠎ᠠ ᠶᠢᠨ ᠲᠠᠮᠢᠷ ᠤᠨ ᠵᠤᠷᠢᠭ ᠰᠠᠨᠠᠭ᠎ᠠ ᠶᠢ ᠬᠠᠷᠠᠭᠤᠯᠤᠯ᠎ᠠ᠃ ᠲᠡᠳᠡᠨ ᠤ ᠪᠥᠮᠪᠦᠭᠡ ᠪᠤᠯᠢᠶᠠᠬᠤ᠂ | ᠪᠥᠮᠪᠦᠭᠡ ᠵᠠᠯᠠᠵᠤ ᠭᠦᠶᠦᠬᠦ᠂ ᠪᠥᠮᠪᠦᠭᠡ ᠣᠷᠣᠭᠤᠯᠬᠤ᠂ ᠪᠥᠮᠪᠦᠭᠡ ᠶᠢ ᠬᠠᠰᠢᠵᠤ ᠠᠪᠬᠤ ᠁ ᠬᠥᠳᠡᠯᠦᠯ ᠪᠥᠬᠦᠨ | ᠨᠢ ᠬᠠᠳᠠᠭᠤᠵᠢᠯᠳᠠᠢ ᠪᠤᠯᠪᠠᠰᠤᠷᠠᠯ ᠬᠢᠭᠡᠳ ᠤᠷᠤᠯᠳᠤᠭᠠᠨ ᠤ ᠢᠳᠡᠭᠡᠯ ᠵᠤᠷᠢᠭ ᠢ ᠢᠯᠡᠷᠡᠬᠦᠯᠦᠨ᠂ ᠦᠵᠡᠭᠴᠢᠳ ᠤᠨ | ᠤᠷᠮ᠎ᠠ ᠶᠢ ᠬᠥᠭᠵᠢᠭᠡᠵᠦ᠂ ᠬᠦᠮᠦᠰ ᠤᠨ ᠰᠡᠳᠬᠢᠯ ᠢ ᠬᠦᠭᠰᠡᠬᠦᠯᠵᠦ ᠪᠠᠶᠢᠯ᠎ᠠ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠵᠡᠭᠦᠨ ᠦᠵᠦᠮᠦᠴᠢᠨ ᠬᠤᠰᠢᠭᠤᠨ ᠤ | ᠲᠥᠯᠥᠭᠡᠯᠡᠭᠴᠢᠳ ᠤᠨ ᠠᠩᠭᠢ ᠮᠠᠩᠯᠠᠶᠢᠯᠠᠵᠤ᠂ ᠰᠢᠯᠢ ᠶᠢᠨ ᠬᠤᠳᠠ ᠶᠢᠨ ᠬᠤᠶᠠᠳᠤᠭᠠᠷ ᠳᠤᠭᠤᠶᠢᠯᠠᠩ ᠤᠨ | ᠲᠥᠯᠥᠭᠡᠯᠡᠭᠴᠢᠳ ᠤᠨ ᠠᠩᠭᠢ ᠳᠡᠳ᠋ᠯᠡᠵᠦ᠂ ᠠᠪᠠᠭ᠎ᠠ ᠬᠤᠰᠢᠭᠤᠨ ᠤ ᠲᠥᠯᠥᠭᠡᠯᠡᠭᠴᠢᠳ ᠤᠨ ᠠᠩᠭᠢ | ᠭᠤᠷᠪᠠᠳᠤᠭᠠᠷ ᠲᠤ ᠣᠷᠣᠵᠤ᠂ ᠬᠥᠪᠡᠭᠡᠲᠦ ᠰᠢᠷ᠎ᠠ ᠬᠤᠰᠢᠭᠤᠨ ᠤ ᠲᠥᠯᠥᠭᠡᠯᠡᠭᠴᠢᠳ ᠤᠨ ᠠᠩᠭᠢ ᠳᠥᠷᠪᠡᠳᠦᠭᠡᠷ ᠲᠤ | ᠲᠤᠳᠤᠷᠠᠭᠰᠠᠨ ᠪᠠᠶᠢᠨ᠎ᠠ᠃ | ᠲᠣᠰ ᠤᠳᠠᠭᠠᠨ ᠤ ︽ᠬᠡᠶᠢᠮᠦᠷᠢ ᠬᠤᠨᠳᠠᠭᠠᠲᠤ︾ ᠪᠦᠬᠦ ᠠᠶᠢᠮᠠᠭ ᠤᠨ ᠲᠤᠯᠤᠭᠠᠨ ᠬᠦᠮᠦᠨ ᠤ ᠲᠦᠷᠢᠮᠳᠦ | ᠵᠠᠯᠭᠤᠴᠤᠳ ᠪᠠᠭᠠᠴᠤᠳ ᠤᠨ ᠬᠦᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠨᠢ ᠠᠪᠠᠭ᠎ᠠ ᠬᠤᠰᠢᠭᠤᠨ ᠤ ᠬᠥᠯ | ᠪᠦᠮᠪᠦᠭᠡ ᠳᠤ ᠰᠤᠨᠢᠷᠬᠠᠯᠳᠠᠢ ᠵᠠᠯᠠᠭᠤᠴᠤᠳ ᠪᠠᠭᠠᠴᠤᠳ ᠲᠤ ᠲᠤᠷᠰᠢᠯᠭ᠎ᠠ ᠰᠤᠯᠢᠯᠴᠠᠬᠤ ᠪᠠ ᠬᠠᠷᠢᠯᠴᠠᠨ ᠰᠤᠷᠤᠯᠴᠠᠬᠤ | ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠤ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠡᠶᠢᠮᠦᠷᠬᠦᠦ ᠤᠷᠤᠯᠳᠤᠭᠠᠨ ᠢ ᠡᠷᠬᠢᠯᠡᠬᠦ ᠪᠠᠷ | ᠳᠠᠮᠵᠢᠨ᠂ ᠠᠪᠠᠭ᠎ᠠ ᠬᠤᠰᠢᠭᠤ ᠨᠢ ᠨᠡᠩ ᠣᠯᠠᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠳᠤᠷ᠎ᠠ | ᠰᠣᠨᠢᠷᠬᠠᠯ ᠢ ᠬᠦᠭᠵᠢᠭᠡᠵᠦ᠂ ᠪᠡᠶ᠎ᠡ ᠮᠠᠬᠠᠪᠣᠳ ᠤᠨ ᠬᠡᠪ ᠴᠢᠨᠠᠷ ᠪᠠ ᠪᠦᠯᠬᠦᠮ ᠨᠡᠶᠢᠲᠡ ᠶᠢᠨ ᠬᠠᠮᠵᠢᠯᠴᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢ ᠵᠤᠷᠢᠭᠰᠠᠨ ᠶᠤᠮ᠃ ᠡᠭᠦᠨ ᠤ ᠬᠠᠮᠲᠤ᠂ ᠤᠷᠤᠯᠳᠤᠭᠠᠨ ᠢ ᠠᠮᠵᠢᠯᠲᠠ ᠲᠠᠢ | ᠡᠷᠬᠢᠯᠡᠭᠰᠡᠨ ᠨᠢ ᠠᠪᠠᠭ᠎ᠠ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠬᠦ ᠪᠤᠯᠤᠨ᠎ᠠ᠃ |