ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠱᠤᠩ ᠪᠠᠶᠢᠭᠤᠯᠵᠦ ᠪᠤᠬᠢᠷᠳᠤᠯ ᠦᠭᠡᠢ ᠠᠶᠠᠯᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/24
     ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠭᠡᠮᠡᠯᠵᠢᠬᠦ ᠶᠢ ᠳᠠᠭᠠᠯᠳᠤᠨ ᠰᠠᠭᠤᠷᠢ ᠲᠥᠬᠦᠭᠡᠷᠦᠮᠵᠢ ᠶᠢᠨ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠱᠤᠩ ᠤᠨ ᠪᠠᠢᠭᠤᠯᠤᠯᠲᠠ ᠵᠢᠴᠢ ᠠᠰᠢᠭᠯᠠᠯᠲᠠ ᠳᠤ ᠣᠷᠣᠭᠰᠠᠨ ᠪᠠᠶᠢᠳᠠᠯ ᠨᠢ ᠬᠥᠮᠦᠰ ᠤᠨ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃ 2 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠯᠢ ᠶᠢᠨ ᠭᠤᠤᠯ ᠤᠨ ᠠᠪᠠᠭ᠎ᠠ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠪᠥᠬᠦ ᠬᠤᠰᠢᠭᠤᠨ ᠤ ᠬᠤᠶᠠᠷ ᠪᠠᠯᠭᠠᠰᠤᠨ ᠤ ᠵᠢᠷᠭᠤᠭᠠᠨ ᠴᠡᠭ ᠲᠤ ᠰᠢᠨ᠎ᠡ ᠪᠠᠷ ᠨᠡᠮᠡᠭᠳᠡᠭᠰᠡᠨ ᠨᠡᠶᠢᠲᠡ ᠶᠢᠨ ᠴᠠᠬᠢᠯᠭᠠᠨ ᠴᠡᠨᠡᠭᠯᠡᠬᠦ  ᠱᠤᠩ ᠤᠨ ᠴᠠᠬᠢᠯᠭᠠᠨ ᠬᠦᠷᠭᠡᠬᠦ ᠠᠵᠢᠯ ᠢ ᠪᠡᠶᠡᠯᠡᠭᠦᠯᠪᠡ᠃      ᠬᠡᠷᠡᠭᠯᠡᠭᠴᠢᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠴᠡᠨᠡᠭᠯᠡᠬᠦ ᠱᠤᠩ ᠤᠨ ᠪᠠᠶᠢᠷᠢ ᠰᠣᠩᠭᠤᠬᠤ ᠶᠢ ᠤᠷᠢᠳᠴᠢᠯᠠᠨ ᠲᠥᠯᠥᠪᠵᠢᠭᠦᠯᠵᠦ᠂ ᠴᠠᠬᠢᠯᠭᠠᠨ ᠴᠡᠨᠡᠭᠯᠡᠬᠦ ᠱᠣᠩ ᠤᠨ ᠪᠠᠶᠢᠷᠢᠰᠢᠯ ᠤᠨ ᠵᠦᠶ ᠵᠣᠬᠢᠰᠲᠠᠶ᠂ ᠬᠡᠷᠡᠭᠯᠡᠯᠲᠡ ᠶᠢᠨ ᠥᠨᠳᠥᠷ ᠪᠦᠲᠦᠮᠵᠢᠲᠡᠶ ᠪᠠᠶᠢᠬᠤ ᠶᠢ ᠦᠨᠡᠨᠬᠦ ᠪᠠᠳᠤᠯᠠᠬᠤ ᠶᠢ ᠵᠤᠷᠢᠭᠰᠠᠨ ᠶᠤᠮ᠃ ᠤᠳᠤᠬᠠᠨ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠱᠤᠩ 10 ᠭᠠᠷᠤᠶ ᠶᠢ ᠪᠠᠶᠢᠭᠤᠯᠵᠤ᠂ ᠬᠤᠳᠠᠯᠳᠤᠭᠠᠨ ᠤ ᠲᠥᠪ᠂ ᠰᠡᠯᠡᠭᠦᠴᠡᠯ ᠤᠨ ᠲᠥᠪ᠂ ᠰᠠᠭᠤᠭᠠᠯᠢ ᠠᠷᠠᠳ ᠤᠨ ᠲᠣᠭᠤᠷᠢᠭ ᠵᠢᠴᠢ ᠰᠤᠷᠭᠠᠭᠤᠯᠢ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠬᠠᠮᠤᠷᠤᠭᠰᠠᠨ ᠪᠥᠭᠡᠳ ᠪᠤᠰᠤᠳ ᠰᠤᠮᠤ ᠪᠠᠯᠭᠠᠰᠤ ᠬᠦᠷᠲᠡᠯ᠎ᠡ ᠤᠷᠲᠤᠳᠬᠠᠵᠤ᠂ ᠠᠪᠠᠭ᠎ᠠ ᠬᠤᠰᠢᠭᠤᠨ ᠤ ᠦᠨᠳᠦᠰᠦᠨ ᠱᠠᠲᠤᠨ ᠤ ᠮᠠᠯᠵᠢᠬᠤ ᠣᠷᠣᠨ ᠤ ᠨᠡᠶᠢᠲᠡ ᠶᠢᠨ ᠴᠠᠬᠢᠯᠭᠠᠨ ᠴᠡᠨᠡᠭᠯᠡᠬᠦ  ᠱᠤᠩ ᠦᠭᠡᠢ ᠪᠠᠶᠢᠳᠠᠯ ᠢ  ᠦᠭᠡᠶᠢᠰᠭᠡᠵᠦ᠂ ᠳᠥᠭᠦᠮ ᠳᠥᠲᠡ ᠴᠠᠬᠢᠯᠭᠠᠨ ᠴᠡᠨᠡᠭᠯᠡᠬᠦ ᠲᠤᠤᠷᠵᠢᠯ ᠢ ᠠᠩᠬ᠎ᠠ ᠠᠯᠬᠤᠮ ᠪᠦᠷᠢᠯᠳᠦᠭᠦᠯᠪᠡ᠃      ᠡᠭᠦᠨ ᠠᠴᠠ ᠭᠠᠳᠠᠨ᠎ᠠ᠂ ᠴᠠᠬᠢᠯᠭᠠᠨ ᠬᠠᠩᠭᠠᠬᠤ ᠺᠣᠮᠫᠠᠨᠢ ᠪᠠᠰᠠ ᠣᠶᠤᠨᠴᠢᠯᠠᠭᠰᠠᠨ ᠠᠷᠭ᠎ᠠ ᠪᠠᠷᠢᠯ ᠢᠶᠠᠷ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠬᠡᠷᠡᠭᠯᠡᠭᠴᠢᠳ ᠤᠨ ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠪᠡ᠃ ᠬᠡᠷᠡᠭᠯᠡᠭᠴᠢᠳ ᠥᠪᠥᠷ ᠮᠣᠩᠭᠤᠯ ᠤᠨ ᠴᠠᠬᠢᠯᠭᠠᠨ ᠬᠦᠴᠦᠨ ᠤ ︽ᠮᠧᠩ ᠳ᠋ᠢᠶᠠᠨ E ᠴᠡᠨᠡᠭᠯᠡᠬᠦ︾ ᠸᠢᠴᠠᠲ ᠤᠨ ᠪᠢᠴᠢᠯ ᠫᠷᠤᠭ᠍ᠷᠠᠮ ᠢᠶᠠᠷ ᠳᠠᠮᠵᠢᠭᠤᠯᠤᠨ᠂ ᠣᠶᠢᠷ᠎ᠠ ᠬᠠᠪᠢ ᠶᠢᠨ ᠴᠠᠬᠢᠯᠭᠠᠨ ᠴᠡᠨᠡᠭᠯᠡᠬᠦ ᠱᠤᠩ ᠤᠨ ᠣᠷᠣᠨ ᠪᠠᠶᠢᠷᠢ᠂ ᠬᠡᠷᠡᠭᠯᠡᠵᠦ ᠪᠠᠶᠢᠬᠤ ᠪᠠᠶᠢᠳᠠᠯ᠂ ᠴᠠᠬᠢᠯᠭᠠᠨ ᠴᠡᠨᠡᠭᠯᠡᠬᠦ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠺᠣᠳ᠋ ᠰᠢᠷᠪᠢᠵᠦ ᠴᠠᠬᠢᠯᠭᠠᠨ ᠴᠡᠨᠡᠭᠯᠡᠬᠦ᠂ ᠡᠯᠧᠺᠲᠷᠣᠨ ᠲᠣᠭᠠᠴᠠᠭ᠎ᠠ ᠬᠢᠬᠦ ᠵᠡᠷᠭᠡ ᠴᠢᠳᠠᠮᠵᠢ ᠶᠢ ᠠᠰᠢᠭᠯᠠᠨ ︽ᠨᠢᠭᠡ ᠳᠠᠷᠤᠪᠴᠢ ᠪᠠᠷ ᠴᠠᠬᠢᠯᠭᠠᠨ ᠴᠡᠨᠡᠭᠯᠡᠬᠦ︾ ᠶᠢ ᠪᠡᠶᠡᠯᠡᠭᠦᠯᠵᠦ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠴᠡᠨᠡᠭᠯᠡᠬᠦ  ᠱᠤᠩ ᠤᠨ ᠬᠠᠮᠤᠷᠬᠤ ᠬᠡᠪᠴᠢᠶ᠎ᠡ ᠶᠢ ᠦᠷᠬᠦᠯᠵᠢᠯᠡᠨ ᠥᠷᠭᠡᠳᠬᠡᠬᠦ ᠪᠠᠷ ᠲᠥᠯᠥᠪᠯᠡᠵᠦ᠂ ᠢᠯᠠᠩᠭᠤᠶ᠎ᠠ ᠰᠤᠮᠤ ᠪᠠᠯᠭᠠᠰᠤᠨ ᠤ ᠪᠤᠶᠢᠳᠠ ᠪᠥᠭᠯᠡᠭᠦᠤ ᠭᠠᠵᠠᠷ ᠣᠷᠣᠨ ᠵᠢᠴᠢ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠵᠠᠮ ᠤᠨ ᠬᠡᠰᠡᠭ ᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢᠳ ᠴᠠᠬᠢᠯᠭᠠᠨ ᠴᠡᠨᠡᠭᠯᠡᠬᠦ ᠳᠤ ᠳᠥᠭᠦᠮ ᠦᠢᠯᠡᠴᠢᠯᠡᠭᠡ ᠭᠥᠷᠳᠡᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠪᠠᠰᠠ ᠲᠤᠰᠬᠠᠢ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠲᠤᠯ ᠦᠭᠡᠢ ᠠᠶᠠᠯᠠᠯ ᠢ ᠰᠢᠨ᠎ᠡ ᠦᠨᠳᠦᠷᠴᠡ ᠳᠤ  ᠬᠦᠷᠭᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ  ᠶᠢᠨ ᠭᠠᠳᠠᠭᠰᠢᠯ ᠢ ᠪᠠᠭᠠᠰᠬᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号