ᠠᠪᠠᠭ᠎ᠠ ᠬᠤᠰᠢᠭᠤᠨ ᠤ ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠨᠢ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠪᠠ
ᠨᠡᠶᠢᠲᠡᠯᠡᠭᠰᠡᠨ ᠴᠠᠭ᠄
2025/2/24
     2 ᠰᠠᠷ᠎ᠠ ᠶᠢᠨ 18 ᠤ ᠡᠳᠦᠷ᠂ ᠮᠠᠨ ᠤ ᠬᠤᠰᠢᠭᠤᠨ ᠤ ᠬᠥᠭᠵᠢᠭᠦᠯᠦᠨ ᠪᠤᠵᠠᠭᠠᠶᠢᠷᠠᠭᠤᠯᠬᠤ ᠪᠠᠷ ᠲᠥᠰᠥᠪᠯᠡᠭᠰᠡᠨ ᠠᠵᠤ ᠠᠬᠤᠶᠢᠯᠠᠯ ᠪᠤᠯᠬᠤ ᠠᠪᠠᠭ᠎ᠠ ᠬᠤᠰᠢᠭᠤᠨ ᠤ ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ  ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨᠠᠨ ᠰᠢᠯᠭᠠᠯᠳᠠ ᠪᠠᠷ ᠳᠡᠮᠵᠢᠨ᠂ ︽ᠪᠠᠭ᠎ᠠ ᠵᠢᠵᠢᠭ ᠠᠵᠦ ᠠᠬᠤᠶᠢᠯᠠᠯ ᠬᠡᠪᠴᠢᠶᠡᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠤᠨ ᠲᠠᠰ ᠳᠡᠪᠰᠢᠬᠦ︾ ᠶᠢ ᠠᠮᠵᠢᠯᠲᠠ ᠲᠠᠢ  ᠪᠡᠶᠡᠯᠡᠭᠦᠯᠪᠡ᠃ 2024 ᠣᠨ ᠳᠤ  ᠲᠣᠰ ᠠᠵᠤ ᠠᠬᠤᠶᠢᠯᠠᠯ ᠨᠡᠶᠢᠲᠡ 53149 ᠬᠤᠨᠢ᠂ 1447 ᠦᠬᠡᠷ ᠨᠢᠳᠤᠯᠤᠨ  ᠡᠳ᠋ᠰᠢᠬᠦᠯᠵᠦ᠂ ᠨᠢᠳᠤᠯᠤᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 46% ᠪᠠᠷ ᠨᠡᠮᠡᠭᠳᠡᠨ᠂ 4684 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 53% ᠪᠠᠷ ᠨᠡᠮᠡᠭᠳᠡᠨ᠂ ᠲᠣᠭᠲᠠᠭᠤᠨ ᠢᠶᠠᠷ ᠬᠥᠭᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠠᠬᠤᠶᠢᠯᠠᠯ ᠢ ᠬᠦᠭᠵᠢᠬᠦᠯᠦᠨ ᠪᠤᠵᠠᠭᠠᠶᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠤ ᠠᠬᠤᠶᠢᠯᠠᠯ  ᠮᠠᠨ ᠤ ᠬᠤᠰᠢᠭᠤᠨ ᠳᠤ  ᠨᠤᠳᠤᠭᠰᠢᠭᠰᠠᠨ ᠠᠴᠠ ᠨᠠᠰᠢ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠪᠠ᠃ 2 ᠵᠢᠯ  ᠤᠨ ᠴᠢᠷᠮᠠᠶᠢᠯᠭ᠎ᠠ ᠪᠠᠷ ᠳᠡᠮᠵᠢᠨ᠂ ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ  ᠪᠣᠯᠭᠠᠨ ᠳᠡᠰ ᠳᠡᠪᠰᠢᠭᠦᠯᠬᠦ ᠴᠢᠬᠤᠯᠠ ᠶᠡᠭᠡ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠮᠵᠢᠯᠲᠠ ᠲᠠᠢ ᠪᠡᠶᠡᠯᠡᠭᠦᠯᠪᠡ᠃ ᠡᠨᠡ ᠬᠦ ᠠᠮᠵᠢᠯᠳᠠ ᠨᠢ ᠠᠵᠤ ᠠᠬᠤᠶᠢᠯᠠᠯ ᠤᠨ ᠲᠣᠰ ᠪᠡᠶ᠎ᠡ ᠶᠢᠨ ᠥᠷᠢᠰᠥᠯᠳᠦᠬᠦ ᠬᠦᠴᠦᠨ ᠤ ᠳᠡᠭᠡᠭᠰᠢᠯᠡᠯᠲᠡ ᠪᠣᠯᠬᠤ ᠪᠠᠷ ᠪᠠᠷᠠᠬᠤ ᠥᠬᠡᠶ  ᠮᠦᠨᠴᠦ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ  ᠨᠠᠮᠠᠷᠢᠯᠡᠭᠰᠡᠨ ᠶᠤᠮ᠃      ᠡᠨᠡ ᠵᠢᠯ ᠲᠤᠰ ᠠᠵᠤ ᠠᠬᠤᠶᠢᠯᠠᠯ 5000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠥᠷᠲᠡᠭ ᠢ 1 ᠵᠠᠭᠤᠨ ᠤ ᠨᠢᠭᠡᠴᠢ   ᠪᠠᠷ ᠨᠡᠮᠡᠭᠳᠡᠬᠦᠯᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠬᠤ ᠪᠠᠷ ᠵᠢᠱᠢᠵᠦ ᠪᠤᠢ᠃ ᠡᠭᠦᠨ ᠤ ᠬᠠᠮᠲᠤ᠂ ᠠᠵᠤ ᠠᠬᠤᠶᠢᠯᠠᠯ ᠪᠠᠰᠠ ᠤᠷᠢᠳᠴᠢᠯᠠᠨ ᠪᠡᠯᠡᠳᠭᠡᠭᠰᠡᠨ ᠬᠤᠭᠤᠯᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠣᠰ ᠪᠡᠶ᠎ᠡ ᠶᠢᠨ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠭᠡ ᠠᠯᠬᠤᠮ ᠤᠷᠲᠤᠳᠬᠠᠵᠤ᠂ ᠪᠥᠬᠦ ᠬᠤᠰᠢᠭᠤᠨ ᠤ ᠮᠠᠯ ᠤᠨ ᠠᠰᠢᠭ ᠰᠢᠮ᠎ᠡ ᠶᠢᠨ ᠨᠠᠷᠢᠯᠢᠭ ᠡᠳ᠋ᠰᠢᠭᠦᠯᠬᠦ ᠴᠢᠳᠠᠪᠤᠷᠢ ᠶᠢᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠬᠤ ᠪᠠᠷ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号