2 ᠰᠠᠷ᠎ᠠ ᠶᠢᠨ 11 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯᠲᠤ | ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯᠲᠤ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ | ᠭᠤᠷᠪᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ ᠳᠤ ᠲᠣᠮᠢᠯᠠᠭᠰᠠᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠣᠣ ᡁᠢ ᠵᠢᠶᠠᠩ᠂ ᠭᠤᠷᠪᠠᠳᠤᠭᠠᠷ | ᠬᠢᠨᠠᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ | ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠦ᠋ ᠨᠠ ᠬᠤᠷᠠᠯ ᠳᠤ ᠣᠷᠣᠯᠴᠠᠨ | ᠵᠢᠭᠠᠨ ᠵᠢᠯᠣᠭᠤᠳᠪᠠ᠃ | ᠬᠤᠰᠢᠭᠤ ᠨᠠᠮ ᠤᠨ ᠬᠤᠷᠢᠶ᠎ᠠ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ | ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠷᠠᠯ ᠠᠴᠠ ᠡᠮᠦᠨ᠎ᠡ ᠲᠤᠰᠬᠠᠢ ᠬᠤᠷᠠᠯ ᠤᠨ ᠲᠥᠰᠦᠯ ᠪᠠ | ᠠᠵᠢᠯ ᠤᠨ ᠲᠤᠬᠢᠷᠠᠭᠤᠯᠤᠯᠳᠠ ᠶᠢ ᠲᠣᠭᠲᠠᠭᠠᠵᠤ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠢ ᠥᠷᠨᠢᠭᠦᠯᠵᠦ᠂ | ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠶᠠᠷᠢᠯᠴᠠᠭ᠎ᠠ ᠬᠠᠷᠢᠯᠴᠠᠭ᠎ᠠ ᠪᠠᠨ ᠭᠦᠨᠵᠡᠭᠡᠢ ᠦᠷᠨᠢᠭᠦᠯᠦᠨ᠂ | ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠵᠠᠳᠠᠯᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ | ᠬᠢᠨᠠᠮᠠᠭᠠᠢ ᠪᠡᠯᠡᠳᠬᠡᠵᠦ᠂ ᠠᠷᠠᠳᠴᠢᠯᠠᠯᠲᠤ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ | ᠪᠡᠯᠡᠳᠬᠡᠯ ᠬᠢᠪᠡ᠃ | ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠲᠣᠰ | ᠤᠳᠠᠭᠠᠨ ᠤ ᠠᠷᠠᠳᠴᠢᠯᠠᠯᠲᠤ ᠠᠮᠢᠳᠤᠷᠠᠯ ᠤᠨ ᠬᠤᠷᠠᠯ ᠤᠨ ᠪᠡᠯᠡᠳᠬᠡᠯ ᠪᠠᠶᠢᠳᠠᠯ ᠢ ᠵᠠᠷᠯᠠᠨ ᠮᠡᠳᠡᠭᠳᠡᠪᠡ᠃ | ᠳᠠᠷᠠᠭ᠎ᠠ ᠨᠢ᠂ ᠰᠦᠨ ᠵᠢᠶᠦ᠋ᠨ ᠨᠥᠬᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠭᠡᠰᠢᠭᠦᠨ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠬᠤ | ᠪᠠ ᠥᠪᠡᠷ ᠤᠨ ᠰᠢᠭᠦᠮᠵᠢᠯᠡᠯ ᠬᠢᠭᠰᠡᠨ ᠪᠥᠭᠡᠳ ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠠᠴᠠ ᠰᠠᠨᠠᠯ ᠢᠶᠠᠨ | ᠳᠤᠷᠠᠳᠤᠭᠰᠠᠨ ᠪᠠᠶᠢᠨ᠎ᠠ᠃ ᠤᠯᠠᠨ ᠢᠶᠠᠷ ᠢᠶᠠᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠨ ᠭᠦᠨᠵᠡᠭᠡᠢ ᠪᠠᠶᠢᠴᠠᠭᠠᠨ | ᠦᠵᠡᠵᠦ᠂ ᠰᠡᠳᠬᠢᠯ ᠤᠨ ᠦᠭᠡ ᠪᠠᠨ ᠶᠠᠷᠢᠵᠤ᠂ ᠰᠠᠨᠠᠯ ᠢᠶᠠᠨ ᠦᠨᠡᠨᠴᠢ ᠪᠠᠷ ᠳᠤᠷᠠᠳᠴᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠨᠢ ᠥᠪᠡᠷ ᠢ ᠪᠠᠨ ᠳᠡᠭᠡᠭᠰᠢᠯᠡᠭᠦᠯᠬᠦ᠂ ᠬᠠᠮᠲᠤ ᠪᠠᠷ ᠳᠠᠪᠰᠢᠬᠤ᠂ ᠠᠵᠢᠯ ᠦᠢᠯᠡᠰ ᠲᠡᠭᠡᠨ | ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠨ ᠢᠯᠡᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠬᠦ᠂ | ᠪᠦᠯᠬᠦᠮᠳᠡᠯ ᠢ ᠴᠢᠩᠭᠠᠳᠬᠠᠬᠤ᠂ ᠰᠤᠷᠲᠠᠯ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠵᠣᠷᠢᠯᠭ᠎ᠠ ᠪᠠᠨ | ᠪᠡᠶᠡᠯᠡᠭᠦᠯᠦᠭᠰᠡᠨ ᠪᠠᠶᠢᠨ᠎ᠠ᠃ | ᠵᠣᠣ ᡁᠢ ᠵᠢᠶᠠᠩ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯᠲᠤ ᠠᠮᠢᠳᠤᠷᠠᠯ ᠤᠨ ᠬᠤᠷᠠᠯ ᠳᠤ | ᠦᠨᠡᠯᠡᠯᠲᠡ ᠬᠢᠬᠦ ᠶᠢᠨ ᠬᠠᠮᠲᠤ ᠵᠢᠭᠠᠵᠤ ᠭᠠᠷᠭᠠᠭᠰᠠᠨ ᠨᠢ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ ᠲᠣᠰ ᠤᠳᠠᠭᠠᠨ ᠤ ᠠᠷᠠᠳᠴᠢᠯᠠᠯᠲᠤ ᠠᠮᠢᠳᠤᠷᠠᠯ ᠤᠨ | ᠬᠤᠷᠠᠯ ᠢᠶᠠᠷ ᠠᠵᠠ ᠲᠣᠬᠢᠶᠠᠯ ᠪᠣᠯᠭᠠᠨ᠂ ᠲᠣᠰ ᠤᠳᠠᠭᠠᠨ ᠤ ᠠᠷᠠᠳᠴᠢᠯᠠᠯᠲᠤ ᠠᠮᠢᠳᠤᠷᠠᠯ ᠤᠨ ᠬᠤᠷᠠᠯ ᠤᠨ ᠦᠷ᠎ᠡ | ᠪᠦᠲᠦᠭᠡᠯ ᠢ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ 2025 ᠣᠨ ᠤ | ᠠᠵᠢᠯ ᠢᠶᠠᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ ᠭᠡᠪᠡ᠃ ᠤᠯᠤᠰ ᠲᠦᠷᠦ ᠶᠢᠨ ᠲᠠᠯ᠎ᠠ ᠪᠠᠷ | ᠡᠷᠡᠰ ᠭᠤᠶᠢᠪᠢᠰᠢ ᠦᠭᠡᠢ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠵᠥᠪ | ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠦᠵᠡᠯᠲᠡ ᠶᠢ | ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠨᠢ ᠳᠠᠭᠠᠭᠤᠯᠤᠨ ᠳᠠᠭᠤᠷᠢᠶᠠᠯ | ᠪᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠴᠢᠬᠤᠯᠠ ᠤᠯᠤᠰ | ᠲᠦᠷᠦ ᠶᠢᠨ ᠬᠠᠷᠢᠭᠤᠴᠠᠯᠭ᠎ᠠ ᠪᠣᠯᠭᠠᠨ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠵᠦ᠂ ᠴᠢᠩᠭ᠎ᠠ ᠬᠠᠮᠢᠶᠠᠷᠴᠤ ᠴᠢᠩᠭ᠎ᠠ | ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠶᠢ | ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ | ᠰᠦᠨ ᠵᠢᠶᠦ᠋ᠨ ᠵᠢᠭᠠᠵᠤ ᠭᠠᠷᠭᠠᠭᠰᠠᠨ ᠨᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠭᠤᠤᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠲᠦᠷᠦᠭᠦᠯᠡᠨ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠨᠢᠭᠡᠳᠦᠭᠡᠷ ᠵᠥᠪᠯᠡᠬᠦ | ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠳᠠᠭᠠᠵᠤ ᠰᠤᠷᠤᠯᠴᠠᠨ ᠲᠤᠭᠤᠰᠢᠯᠠᠭᠤᠯᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠬᠠᠮᠰᠠᠷᠲᠤ ᠴᠢᠳᠠᠪᠤᠷᠢ ᠪᠠ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠮᠠᠭᠲᠠ ᠦᠵᠡᠯ ᠰᠠᠨᠠᠭ᠎ᠠ᠂ ᠤᠯᠤᠰ | ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ | ᠰᠦᠨ ᠵᠢᠶᠦ᠋ᠨ ᠴᠢᠬᠤᠯᠠᠴᠢᠯᠠᠭᠰᠠᠨ ᠨᠢ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠨᠠᠮᠴᠢ ᠴᠢᠨᠠᠷ ᠢ ᠰᠢᠯᠭᠠᠬᠤ ︽ᠰᠢᠯᠭᠠᠭᠤᠷ︾ | ᠪᠣᠯᠭᠠᠬᠤ ᠶᠢ ᠪᠠᠷᠢᠮᠲᠠᠯᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠪᠠᠶᠢᠴᠠᠭᠠᠨ ᠢᠯᠡᠷᠡᠭᠦᠯᠦᠭᠰᠡᠨ | ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ | ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠵᠡᠷᠭᠡᠪᠡᠷ ᠠᠬᠢᠭᠤᠯᠬᠤ ᠬᠡᠷᠡᠭᠲᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠨᠢ ᠪᠣᠳᠠᠲᠠᠶ ᠴᠡᠭᠴᠡᠯᠡᠨ | ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠮᠬᠢ ᠵᠢᠷᠤᠮ ᠲᠠᠢ ᠬᠦᠴᠦᠲᠡᠶ | ᠠᠬᠢᠭᠤᠯᠬᠤ ᠬᠡᠷᠡᠭᠲᠡᠶ᠃ ᠤᠳᠤᠷᠢᠳᠬᠤ ᠪᠠᠭ ᠤᠨ ᠪᠦᠷᠢᠯᠳᠦᠬᠦᠨ ᠴᠡᠭᠴᠡᠯᠡᠨ ᠰᠠᠶᠢᠵᠢᠷᠠᠭᠤᠯᠬᠤ ᠪᠣᠳᠠᠲᠠᠶ ᠨᠠᠷᠢᠨ | ᠲᠠᠩᠰᠠ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠦᠰᠦᠨᠦᠭᠲᠦ᠂ ᠲᠦᠰᠦᠪ ᠵᠢᠷᠤᠭ ᠢ | ᠲᠡᠭᠦᠯᠳᠡᠷᠵᠢᠭᠦᠯᠦᠨ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ︽ | ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠪᠦᠲᠦᠮᠵᠢᠲᠡᠢ | ᠤᠶᠠᠯᠳᠤᠭᠤᠯᠵᠤ᠂ ᠪᠣᠳᠠᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ | ᠪᠠᠰᠠ ᠠᠰᠠᠭᠤᠳᠠᠯ ᠤᠨ ᠪᠤᠢ ᠪᠣᠯᠤᠭᠰᠠᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠴᠡᠭᠴᠡᠯᠡᠨ | ᠰᠠᠶᠢᠵᠢᠷᠠᠭᠤᠯᠬᠤ ︽ᠰᠡᠭᠦᠯᠴᠢ ᠶᠢᠨ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠡᠩ ᠥᠨᠳᠥᠷ | ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ | ᠠᠷᠠᠳᠴᠢᠯᠠᠯ ᠲᠥᠪᠯᠡᠷᠡᠯ ᠤᠨ ᠶᠣᠰᠣ ᠶᠢ ᠲᠦᠷᠦᠭᠦᠯᠡᠨ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠢ ᠬᠠᠮᠢᠶᠠᠷᠴᠤ | ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠲᠦᠷᠦᠭᠦᠯᠡᠨ ᠰᠠᠬᠢᠯᠭ᠎ᠠ | ᠪᠠᠲᠤ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠪᠡᠶ᠎ᠡ ᠪᠠᠨ ᠴᠢᠩᠭ᠎ᠠ ᠵᠠᠰᠠᠵᠤ᠂ ᠡᠷᠬᠡ ᠪᠠᠨ ᠲᠦᠪ ᠴᠢᠩᠭ᠎ᠠ | ᠬᠡᠷᠡᠭᠵᠢᠭᠦᠯᠦᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ | ᠪᠤᠢ ᠪᠣᠯᠭᠠᠵᠤ᠂ ᠡᠷᠬᠡ ᠪᠠᠨ ᠲᠥᠪ ᠭᠤᠣᠯᠴᠢ ᠪᠠᠷ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ | ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠶᠡᠭᠡ ᠪᠠᠷ | ᠪᠠᠳᠠᠷᠠᠭᠤᠯᠵᠤ᠂ ︽ᠳᠠᠷᠦ᠋ᠢᠬᠠᠨ ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ︾ ᠰᠢᠯᠢᠳᠡᠭ | ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠲᠦᠷᠦᠭᠦᠯᠡᠨ | ᠬᠢᠴᠢᠶᠡᠩᠭᠦ᠋ᠢᠯᠡᠨ ᠰᠠᠬᠢᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠨᠡᠶᠢᠭᠡᠮ ᠤᠨ ᠬᠡᠪ | ᠰᠤᠷᠲᠠᠯ ᠤᠨ ᠲᠠᠭᠠᠭᠤᠯᠤᠭᠴᠢ᠂ ᠡᠭᠦᠳᠦᠨ ᠪᠠᠶᠢᠭᠤᠯᠤᠭᠴᠢ ᠪᠠ ᠬᠠᠮᠠᠭᠠᠯᠠᠭᠴᠢ ᠪᠣᠯᠬᠤ ᠬᠡᠷᠡᠭᠲᠡᠢ᠃ | |