ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠠᠴᠠ 2024 ᠣᠨ ᠤ ᠠᠷᠠᠳᠴᠢᠯᠠᠯᠲᠤ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
     2 ᠰᠠᠷ᠎ᠠ ᠶᠢᠨ 12 ᠤᠨ ᠡᠳᠦᠷ᠂ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯᠲᠤ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠰᠤᠨᠪᠠᠲᠤ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯᠲᠤ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠠᠷ ᠲᠡᠰ ᠳᠠᠷᠠᠭᠠᠯᠠᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠬᠤᠭᠤᠷᠣᠨᠳᠣ ᠪᠠᠨ ᠲᠥᠪ ᠴᠢᠩᠭ᠎ᠠ ᠨᠠᠷᠢᠨ ᠬᠢᠨᠠᠮᠠᠭᠠᠢ ᠰᠢᠭᠦᠮᠵᠢᠯᠡᠯ ᠥᠷᠨᠢᠭᠦᠯᠪᠡ᠃ ᠤᠯᠠᠨ ᠢᠶᠠᠷ ᠢᠶᠠᠨ ᠭᠤᠣᠯ ᠰᠡᠳᠦᠪᠲᠦ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ᠲᠤᠪᠤᠶᠢᠮ᠎ᠠ ᠠᠰᠠᠭᠤᠳᠠᠯ ᠳᠤ ᠰᠢᠭᠤᠳ ᠬᠠᠨᠳᠤᠨ᠂ ᠭᠦᠨᠵᠡᠭᠡᠢ ᠪᠠᠶᠢᠴᠠᠭᠠᠨ ᠵᠠᠳᠠᠯᠵᠤ᠂ ᠰᠢᠭᠦᠮᠵᠢᠯᠡᠯ ᠰᠠᠨᠠᠯ ᠢᠶᠠᠨ ᠲᠥᠪ ᠴᠢᠩᠭ᠎ᠠ ᠳᠤᠷᠠᠳᠴᠤ᠂ ᠰᠠᠨᠠᠯ ᠰᠠᠨᠠᠭᠤᠯᠭ᠎ᠠ ᠶᠢ ᠦᠨᠡᠨᠴᠢ ᠪᠠᠷ ᠬᠦᠯᠢᠶᠡᠨ ᠠᠪᠴᠤ᠂ ᠲᠠᠨᠢᠯᠲᠠ ᠪᠠᠨ ᠳᠡᠭᠡᠭᠰᠢᠯᠡᠭᠦᠯᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠪᠦᠯᠬᠦᠮᠳᠡᠯ ᠢᠶᠠᠨ ᠴᠢᠩᠭᠠᠳᠬᠠᠬᠤ᠂ ᠡᠭᠦᠷᠭᠡᠯᠡᠯ ᠢᠶᠠᠨ ᠴᠢᠩᠭᠠᠳᠬᠠᠬᠤ᠂ ᠡᠷᠴᠢ ᠵᠣᠷᠢᠭ ᠢᠶᠠᠨ ᠴᠢᠩᠭᠠᠳᠬᠠᠬᠤ ᠵᠣᠷᠢᠯᠭ᠎ᠠ ᠳᠠᠭᠠᠨ ᠬᠦᠷᠪᠡ᠃      ᠵᠢᠯᠣᠭᠤᠳᠬᠤ ᠳᠤᠭᠤᠶᠢᠯᠠᠩ ᠤᠨ ᠬᠢᠨ ᠲᠤᠰ ᠤᠳᠠᠭ᠎ᠠ ᠶᠢᠨ ᠬᠤᠷᠠᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠡᠯᠡᠳᠬᠡᠯ ᠭᠦᠢᠴᠡᠳ᠂ ᠰᠢᠭᠦᠮᠵᠢᠯᠡᠯ ᠦᠨᠡᠨᠴᠢ ᠰᠢᠳᠤᠷᠭᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠳᠣᠷᠬᠠᠢ ᠪᠠᠶᠢᠨ᠎ᠠ ᠭᠡᠵᠦ ᠦᠵᠡᠪᠡ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯᠲᠤ ᠠᠮᠢᠳᠤᠷᠠᠯ ᠤᠨ ᠬᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃      ᠨᠠᠰᠤᠨᠪᠠᠲᠤ ᠣᠪᠣᠷ ᠢᠶᠠᠨ ᠢᠯᠡᠳᠬᠡᠬᠦ ᠳᠡᠭᠡᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠲᠤᠰ ᠤᠳᠠᠭ᠎ᠠ ᠶᠢᠨ ᠠᠷᠠᠳᠴᠢᠯᠠᠯᠲᠤ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠢᠲᠡᠭᠡᠯ ᠪᠢᠰᠢᠷᠡᠯ ᠴᠢᠩᠭ᠎ᠠ᠂ ᠤᠯᠤᠰ ᠲᠥᠷᠥ ᠶᠢᠨ ᠪᠠᠲᠤ ᠴᠢᠩᠭ᠎ᠠ ᠤᠯᠪᠤᠷᠠᠭ᠂ ᠬᠠᠷᠢᠭᠤᠴᠠᠯᠭ᠎ᠠ ᠴᠢᠩᠭ᠎ᠠ᠂ ᠴᠢᠳᠠᠪᠤᠷᠢ ᠪᠠᠲᠤ ᠴᠢᠩᠭ᠎ᠠ ᠪᠠ ᠣᠪᠣᠷ ᠰᠤᠷᠲᠠᠯ ᠪᠠᠲᠤ ᠴᠢᠩᠭ᠎ᠠ ᠤᠳᠤᠷᠢᠳᠬᠤ ᠬᠠᠮᠲᠤ ᠨᠡᠶᠢᠲᠡ ᠶᠢ ᠴᠢᠷᠮᠠᠶᠢᠨ ᠪᠠᠶᠢᠭᠤᠯᠤᠨ᠎ᠠ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠᠷ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠨ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠥᠭᠵᠢᠯᠲᠡ ᠶᠢᠨ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠬᠤ ᠶᠢ ᠠᠬᠢᠭᠤᠯᠤᠨ᠂ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠬᠦᠰᠡᠯ ᠨᠠᠶᠢᠳᠠᠯᠭ᠎ᠠ ᠶᠢ ᠵᠢᠷᠤᠮᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠶ ᠠᠵᠢᠯᠯᠠᠵᠤ᠂ ᠦᠨᠡᠨ ᠬᠦ ᠠᠳᠬᠤᠨ ᠪᠣᠳᠠᠲᠠᠶ ᠬᠢᠵᠦ᠂ ᠠᠵᠢᠯ ᠦᠢᠯᠡᠰ ᠢᠶᠠᠨ ᠰᠠᠶᠢᠲᠤᠷ ᠲᠦᠯᠦᠪᠵᠢᠭᠦᠯᠦᠨ᠂ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号