2 ᠰᠠᠷ᠎ᠠ ᠶᠢᠨ 12 ᠤᠨ ᠡᠳᠦᠷ᠂ ᠠᠪᠠᠭ᠎ᠠ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ | ᠵᠢᠴᠢ ᠬᠤᠶᠠᠳᠤᠭᠠᠷ ᠬᠤᠭᠤᠴᠠᠭᠠᠨ ᠤ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ | ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ | ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠶᠠᠷᠢᠶ᠎ᠠ ᠲᠠᠯᠪᠢᠵᠤ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠩ ᠬᠤᠷᠠᠯ ᠢ ᠡᠷᠭᠢᠯᠡᠪᠡ᠃ | ᠲᠤᠰ ᠤᠳᠠᠭ᠎ᠠ ᠶᠢᠨ ᠬᠤᠷᠠᠯ ᠤᠨ ᠭᠤᠣᠯ ᠡᠭᠦᠷᠭᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠪᠣᠯᠤᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 2025 | ᠣᠨ ᠤ ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠬᠤ ᠶᠠᠪᠤᠳᠠᠯ ᠪᠣᠯᠤᠨ᠎ᠠ᠃ | ᠰᠦᠨ ᠵᠢᠶᠦ᠋ᠨ ᠵᠢᠭᠠᠵᠤ ᠭᠠᠷᠭᠠᠭᠰᠠᠨ ᠨᠢ᠂ 2024 ᠣᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ | ᠪᠣᠳᠣᠯᠭ᠎ᠠ ᠶᠢᠨ ᠴᠢᠭᠯᠡᠯᠲᠡ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠶ᠋ᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠯᠬᠦᠮᠳᠡᠭᠦᠯᠦᠨ ᠳᠠᠭᠠᠭᠤᠯᠵᠤ ᠭᠤᠤᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠠᠵᠢᠯ ᠢᠶᠠᠨ ᠥᠷᠨᠢᠭᠦᠯᠬᠦ ᠶᠢ ᠲᠤᠭ ᠲᠡᠮᠳᠡᠭ ᠲᠣᠳᠣᠷᠬᠠᠢ ᠪᠠᠷ ᠳᠡᠮᠵᠢᠵᠦ᠂ ᠢᠯᠵᠠᠷᠠᠬᠤ ᠵᠣᠷᠢᠭ | ᠥᠬᠡᠶ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ | ᠠᠬᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠪᠠᠲᠤᠯᠠᠭ᠎ᠠ ᠬᠠᠩᠭᠠᠪᠠ᠃ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠵᠢᠯ ᠳᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠰᠠᠶᠢᠲᠤᠷ ᠠᠳᠬᠤᠵᠤ᠂ ᠰᠤᠷᠲᠠᠯ ᠤᠨ | ᠠᠰᠠᠭᠤᠳᠠᠯ᠂ ᠢᠯᠵᠠᠷᠠᠯ ᠤᠨ ᠠᠰᠠᠭᠤᠳᠠᠯ ᠢ ᠴᠡᠭᠴᠡᠯᠡᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ | ᠠᠵᠢᠯ ᠬᠢᠵᠦ ᠠᠳᠠᠯ ᠦᠢᠯᠡᠰ ᠴᠣᠭᠴᠠᠯᠠᠬᠤ ︽ᠴᠤᠭ ᠰᠦᠯᠳᠡ︾ ᠶᠢ ᠬᠥᠭᠵᠢᠭᠡᠭᠰᠡᠨ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠬᠠᠷᠢᠭᠤᠴᠠᠯᠭ᠎ᠠ ᠲᠠᠢ ᠶᠤᠮ᠃ | ᠰᠦᠨ ᠵᠢᠶᠦ᠋ᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠣᠳᠣᠬᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠬᠦᠨᠳᠦ ᠨᠣᠴᠢᠲᠠᠶ ᠪᠠᠶᠢᠳᠠᠯ ᠢ ᠭᠦᠨᠵᠡᠭᠡᠶ ᠲᠠᠨᠢᠵᠤ᠂ ᠲᠣᠰ ᠪᠡᠶ᠎ᠡ ᠶᠢᠨ ᠠᠵᠢᠯ ᠤᠨ | ᠳᠤᠮᠳᠠᠬᠢ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠳᠤ ᠵᠥᠪ ᠢᠶᠠᠷ ᠬᠠᠨᠳᠤᠵᠤ᠂ ᠡᠭᠦᠷᠭᠡᠲᠦ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠩ ᠶᠡᠭᠡ ᠡᠷᠡᠰ | ᠵᠣᠷᠢᠭ᠂ ᠨᠠᠩ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠪᠠ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠤᠨ ᠡᠯ᠎ᠡ | ᠵᠦᠢᠯ ᠤᠨ ᠠᠵᠢᠯ ᠢᠶᠠᠨ ᠦᠷᠭᠦᠯᠵᠢᠯᠡᠨ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ | ᠲᠣᠭᠲᠠᠴᠠ ᠶᠢ ᠨᠢᠭᠡ ᠴᠤᠬᠴᠠᠵᠢᠭᠤᠯᠤᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ | ᠦᠷᠭᠦᠯᠵᠢᠯᠡᠨ ᠪᠠᠲᠤᠯᠠᠵᠤ᠂ ᠰᠤᠷᠲᠠᠯ ᠢᠯᠵᠠᠷᠠᠯ ᠤᠨ ᠠᠰᠠᠭᠤᠳᠠᠯ ᠤᠨ ᠬᠥᠳᠡᠯᠦᠯ ᠪᠠᠶᠢᠳᠠᠯ ᠢ ᠣᠨᠣᠪᠴᠢᠲᠠᠢ | ᠡᠵᠡᠮᠳᠡᠵᠦ᠂ ᠰᠤᠷᠲᠠᠯ ᠢᠯᠵᠠᠷᠠᠬᠤ ᠶᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠲᠤᠭ ᠲᠡᠮᠳᠡᠭ | ᠲᠣᠳᠣᠷᠬᠠᠢ ᠪᠠᠷ ᠰᠠᠬᠢᠯᠭ᠎ᠠ ᠪᠠᠲᠤ ᠶᠢ ᠡᠷᠬᠢᠮᠯᠡᠵᠦ᠂ ᠶᠣᠰᠣ ᠲᠦᠷᠢᠮ ᠢ ᠰᠠᠬᠢᠵᠤ᠂ ᠡᠭᠦᠷᠭᠡᠯᠡᠯ ᠢᠶᠠᠨ ᠴᠢᠩᠭᠠᠳᠬᠠᠵᠤ᠂ | ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠤ ᠦᠷ᠎ᠡ ᠪᠦᠲᠦᠮᠵᠢ ᠣᠯᠵᠤ᠂ ᠥᠨᠳᠥᠷ | ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ | ᠵᠢᠷᠤᠮᠵᠢᠭᠤᠯᠤᠨ ᠬᠠᠤᠯᠢᠵᠢᠭᠤᠯᠤᠨ ᠲᠦᠷᠢᠮᠵᠢᠭᠦᠯᠬᠦ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠰᠠᠶᠢᠲᠤᠷ | ᠥᠷᠨᠢᠭᠦᠯᠵᠦ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ ᠦᠢᠯᠡᠳᠦᠯᠭᠡ ᠶᠢᠨ | ᠳᠠᠪᠲᠠᠯᠲᠠ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠵᠣᠷᠢᠭᠲᠠᠢ ᠪᠠᠷ | ᠠᠵᠢᠯᠯᠠᠬᠤ ᠰᠥᠰᠥ ᠵᠣᠷᠢᠭ ᠢᠶᠠᠨ ᠨᠡᠮᠡᠭᠳᠡᠭᠦᠯᠵᠦ᠂ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠭᠰᠡᠨ ᠳᠤ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ | ᠬᠡᠷᠡᠭᠵᠢᠭᠦᠯᠬᠦ ᠨᠢᠭᠡᠨ ᠰᠠᠯᠠᠭ᠎ᠠ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠡᠢ᠃ ᠰᠢᠨ᠎ᠡ | ᠨᠢᠭᠡ ᠵᠢᠯ | ᠳᠤ᠂ ᠬᠤᠰᠢᠭᠤ ᠳᠠᠶᠠᠭᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ︽ᠴᠢᠩᠭ᠎ᠠ︾ ᠭᠡᠬᠦ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠣᠳᠣᠬᠢᠴᠢᠯᠠᠭᠰᠠᠨ | ᠠᠪᠠᠭ᠎ᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠠᠲᠤᠯᠠᠬᠤ ᠬᠡᠷᠡᠭᠲᠡᠢ᠃ | ᠬᠤᠷᠠᠯ ᠳᠡᠭᠡᠷ᠎ᠡ᠂ ᠸᠠᠩ ᠵᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠥᠯᠥᠭᠡᠯᠡᠨ 2024 ᠣᠨ ᠤ ᠪᠥᠬᠦ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ 2025 ᠣᠨ ᠤ ᠠᠵᠢᠯ ᠤᠨ | ᠡᠭᠦᠷᠭᠡ ᠶᠢ ᠪᠠᠶᠢᠷᠢᠯᠠᠭᠤᠯᠪᠠ᠃ | ᠸᠠᠩ ᠵᠢᠩ᠂ 2025 ᠣᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ | ᠥᠷᠭᠡᠳᠬᠡᠭᠰᠡᠨ︶ ᠶᠢᠨ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠪᠣᠯᠣᠨ ᠬᠤᠰᠢᠭᠤᠨ ᠤ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ | ᠤᠶᠠᠯᠳᠤᠭᠤᠯᠤᠨ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ ᠪᠠᠷ ᠨᠠᠮ ᠢ ᠴᠢᠩᠭ᠎ᠠ | ᠵᠠᠰᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ | ᠨᠡᠭᠡᠭᠡᠵᠦ ᠳᠤᠮᠳᠠ ᠡᠩᠨᠡᠭᠡᠨ ᠳᠤ ᠣᠷᠣᠬᠤ︾ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠦᠬᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠥᠷᠭᠡᠳᠬᠡᠭᠰᠡᠨ︶ ᠶᠢᠨ | ᠬᠤᠷᠠᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ | ᠭᠦᠢᠴᠡᠳᠬᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠴᠡᠴᠡᠭᠯᠡᠨ ᠬᠥᠭᠵᠢᠭᠰᠡᠨ᠂ ᠪᠣᠯᠪᠠᠰᠤᠨ ᠡᠶ᠎ᠡ | ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠠᠪᠠᠭ᠎ᠠ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ᠃ | ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠪᠥᠬᠦ ᠭᠡᠰᠢᠭᠦᠨ᠂ ᠠᠷᠠᠳ ᠤᠨ ᠰᠢᠭᠦᠬᠦ ᠬᠤᠷᠢᠶᠠᠨ ᠤ | ᠳᠠᠷᠤᠭ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠪᠠᠶᠢᠭᠤᠯᠭ᠎ᠠ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠪᠥᠬᠦ ᠺᠠᠳ᠋ᠷ᠂ ᠬᠤᠰᠢᠭᠤ ᠨᠠᠮ ᠤᠨ | ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠴᠠᠭᠳᠠᠨ ᠪᠠᠶᠢᠴᠠᠭᠠᠬᠤ | ᠳᠤᠭᠤᠶᠢᠯᠠᠩ ᠤᠨ ᠡᠯ᠎ᠡ ᠳᠠᠷᠤᠭ᠎ᠠ᠂ ᠳᠡᠳ᠋ ᠡᠷᠬᠢᠯᠡᠭᠴᠢ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ | ᠵᠠᠰᠠᠭ ᠤᠨ ᠭᠤᠤᠯ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ︵ᠬᠢᠨᠠᠨ | ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ︶ ᠬᠤᠷᠠᠯ ᠳᠤ ᠣᠷᠣᠯᠴᠠᠵᠠᠶ᠃ |