︽ᠰᠠᠭᠠᠳ ᠦᠭᠡᠢ ᠨᠡᠪᠲᠡᠷᠡᠬᠦ ᠵᠠᠮ︾ ᠨᠢ ᠪᠦᠯᠬᠦᠮᠳᠡᠨ ᠨᠢᠭᠲᠠᠷᠠᠬᠤ ᠬᠦᠴᠦᠨ ᠢ ᠴᠤᠭᠴᠠᠯᠠᠨ᠎ᠠ
ᠨᠡᠶᠢᠲᠡᠯᠡᠭᠰᠡᠨ ᠴᠠᠭ᠄
2025/2/24
     2 ᠰᠠᠷ᠎ᠠ ᠶᠢᠨ 4 ᠤ ᠡᠳᠦᠷ᠂ ᠴᠠᠭᠠᠨ ᠰᠠᠷ᠎ᠠ ᠶᠢᠨ ᠰᠢᠨ᠎ᠡ ᠶᠢᠨ ᠳᠣᠯᠤᠭᠠᠨ ᠤ ᠡᠳᠦᠷ ᠪᠣᠯ ᠬᠦᠴᠦᠳᠡᠯ ᠥᠭᠡᠷᠡᠴᠢᠯᠡᠬᠦ ᠥᠷᠲᠡᠭᠡ ᠶᠢᠨ ᠠᠵᠢᠯ ᠲᠤᠰᠢᠶᠠᠬᠤ ᠡᠳᠦᠷ ᠪᠣᠯᠤᠨ᠎ᠠ᠃ ᠲᠤᠰ ᠡᠳᠦᠷ ᠶᠠᠪᠠᠭᠠᠨ ᠰᠢᠭᠤᠷᠭ᠎ᠠ ᠡᠭᠦᠰᠴᠦ᠂ ᠬᠦᠴᠦᠳᠡᠯ ᠥᠭᠡᠷᠡᠴᠢᠯᠡᠬᠦ ᠥᠷᠲᠡᠭᠡ ᠳᠤ ᠬᠦᠷᠬᠦ ᠬᠤᠶᠠᠷ ᠵᠠᠮ ᠱᠣᠭᠤᠮ ᠨᠢ ᠪᠥᠷᠢᠮᠥᠰᠥᠨ ᠴᠠᠰᠤ ᠬᠤᠷᠠᠪᠠ᠃ ᠵᠢᠵᠢᠭᠦᠷᠯᠡᠭᠴᠢ ᠲᠤᠭᠲᠠᠭᠤᠨᠪᠠᠲᠤ᠂ ᠵᠦᠩ ᠶᠦᠩ ᠲᠡᠷᠭᠡ ᠵᠢᠯᠣᠭᠤᠳᠤᠨ ᠬᠦᠴᠦᠳᠡᠯ ᠥᠭᠡᠷᠡᠴᠢᠯᠡᠬᠦ ᠦᠷᠲᠡᠭᠡᠨ ᠳᠤ ᠣᠷᠣᠬᠤ ᠠᠷᠭ᠎ᠠ ᠦᠭᠡᠢ᠂ ᠵᠢᠵᠢᠭᠦᠷᠯᠡᠬᠦ ᠳᠤ ᠬᠡᠷᠡᠭᠰᠡᠬᠦ ᠡᠳ᠋ ᠪᠣᠳᠠᠰ ᠢᠶᠠᠨ ᠠᠪᠴᠦ 2 ᠺᠢᠯᠦᠮᠧᠲᠷ ᠠᠯᠬᠤᠵᠤ ᠬᠦᠷᠬᠦ ᠦᠶ᠎ᠡ ᠳᠤ᠂ ᠬᠤᠯᠠ ᠪᠠᠶᠢᠭ᠎ᠠ ᠴᠠᠰᠤᠨ ᠮᠠᠨᠠᠨ ᠳᠤ ᠨᠢᠭᠡᠨ ᠲᠠᠨᠢᠯ ᠬᠦᠮᠦᠨ ᠬᠠᠷᠠᠭᠲᠠᠪᠠ᠃ ᠤᠤᠯ ᠨᠢ ᠲᠡᠭᠦᠰ ᠮᠣᠲ᠋ᠣᠷ ᠤᠨᠤᠵᠤ ᠰᠠᠯᠬᠢ ᠰᠥᠷᠴᠦ ᠤᠶᠢᠷᠠᠳᠤᠨ ᠢᠷᠡᠪᠡ᠃ ᠣᠯᠠᠨ ᠵᠢᠯ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠲᠤᠷᠰᠢᠯᠭ᠎ᠠ ᠲᠠᠢ᠂ ᠲᠡᠷᠡ ᠮᠣᠲ᠋ᠣᠷ ᠤᠨᠤᠵᠤ ᠴᠠᠰᠤᠨ ᠵᠠᠮ ᠭᠡᠲᠦᠯᠦᠨ ᠵᠢᠵᠢᠭᠦᠷᠯᠡᠭᠴᠢ ᠶᠢ ᠳᠠᠭᠠᠭᠤᠯᠤᠨ ᠠᠮᠤᠷ ᠲᠦᠪᠰᠢᠨ ᠢᠶᠠᠷ ᠥᠷᠲᠡᠭᠡᠨ ᠳᠤ ᠬᠦᠷᠭᠡᠪᠡ᠃ ᠵᠢᠵᠢᠭᠦᠷᠴᠢᠨ ᠵᠦᠩ ᠶᠦᠩ ᠠᠴᠠ ᠲᠡᠭᠦᠰ ᠤᠨ ᠬᠤᠶᠠᠷ ᠭᠠᠷ ᠢ ᠴᠢᠩᠭ᠎ᠠ ᠠᠳᠬᠤᠨ ᠭᠦᠨ ᠲᠠᠯᠠᠷᠬᠠᠯ ᠢᠶᠠᠨ ᠢᠯᠡᠳᠬᠡᠪᠡ᠃ ︽ᠴᠠᠬᠢᠯᠭᠠᠨ ᠲᠣᠣᠷ ᠨᠢ ᠮᠣᠩᠭᠤᠯ ᠭᠡᠷ ᠲᠠᠢ ᠵᠠᠯᠭᠠᠯᠳᠤᠵᠤ ᠪᠠᠶᠢᠨ᠎ᠠ᠂ ᠪᠢᠳᠡ ᠠᠨᠠᠷ ᠤᠨ ᠦᠷ᠎ᠡ ᠰᠢᠭ ᠨᠢᠭᠲᠠ ᠪᠦᠯᠬᠦᠮᠳᠡᠨ ᠬᠠᠮᠵᠢᠯᠴᠠᠬᠤ ᠬᠡᠷᠡᠭᠲᠡᠶ︾ ᠭᠡᠵᠦ ᠲᠡᠭᠦᠰ ᠶᠠᠷᠢᠨ᠎ᠠ᠃      ᠰᠢᠯᠢ ᠶᠢᠨ ᠭᠤᠣᠯ ᠤᠨ ᠲᠠᠯ᠎ᠠ ᠨᠤᠲᠤᠭ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠯᠢ ᠶᠢᠨ ᠭᠤᠣᠯ ᠠᠪᠠᠭ᠎ᠠ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠳᠡᠯᠭᠡᠷ 110 ᠺᠢᠯᠣᠸᠠᠲ ᠤᠨ ᠠᠵᠢᠯᠯᠠᠭᠤᠯᠵᠤ ᠬᠠᠮᠠᠭᠠᠯᠠᠬᠤ ᠥᠷᠲᠡᠭᠡ ᠨᠢ ᠠᠪᠠᠭ᠎ᠠ ᠬᠤᠰᠢᠭᠤᠨ ᠤ ᠦᠳᠡᠰᠢ ᠶᠢ ᠥᠪᠴᠢ ᠭᠡᠷᠡᠯᠲᠦᠭᠦᠯᠪᠡ᠃ ᠠᠳᠡ ᠭᠠᠵᠠᠷ ᠵᠦᠶ ᠶᠢᠨ ᠣᠷᠴᠢᠨ ᠲᠣᠭᠤᠷᠢᠨ ᠤ ᠰᠢᠯᠲᠠᠭᠠᠨ ᠠᠴᠠ ᠪᠣᠯᠵᠣ᠂ ᠡᠪᠦᠯ ᠪᠣᠯᠬᠤ ᠳᠤ ᠴᠠᠰᠤ ᠰᠢᠭᠤᠷᠭ᠎ᠠ ᠪᠠᠶᠢᠨ ᠳᠠᠬᠢᠨ ᠪᠠᠭᠤᠷᠠᠵᠤ᠂ ᠬᠦᠴᠦᠳᠡᠯ ᠥᠭᠡᠷᠡᠴᠢᠯᠡᠬᠦ ᠥᠷᠲᠡᠭᠡ ᠶᠢᠨ ᠴᠠᠬᠢᠯᠭᠠᠨ ᠬᠦᠴᠦᠨ ᠤ ᠠᠵᠢᠯᠴᠢᠨ ᠪᠣᠯᠤᠨ ᠮᠠᠯᠴᠢᠨ ᠲᠡᠭᠦᠰ ᠤᠨ ᠨᠢᠭᠡ ᠬᠡᠷ ᠤᠨ ᠬᠢᠨ ᠬᠠᠷᠢᠨ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠬᠠᠯᠠᠭᠤᠨ ᠳᠤᠯᠠᠭᠠᠨ ᠥᠯᠢᠭᠡᠷ ᠢ ᠪᠢᠴᠢᠭᠯᠡᠪᠡ᠃      ᠠᠵᠢᠯ ᠤᠨ ᠴᠢᠯᠥᠭᠡ ᠪᠠᠷ ᠢᠶᠠᠨ ᠴᠠᠬᠢᠯᠭᠠᠨ ᠬᠦᠴᠦᠨ ᠤ ᠠᠵᠢᠯᠴᠢᠨ ᠲᠤᠭᠲᠠᠭᠤᠨᠪᠠᠲᠤ ᠠᠴᠠ ᠲᠡᠭᠦᠰ ᠢ ᠬᠠᠪᠰᠤᠷᠴᠦ ᠲᠤᠤᠷ ᠬᠦᠷᠢᠶ᠎ᠡ ᠶᠢ ᠨᠢ ᠵᠠᠰᠠᠵᠤ᠂ ᠵᠢᠯ ᠪᠦᠷᠢ ᠶᠢᠨ ᠨᠠᠮᠤᠷ ᠴᠠᠬᠢᠯᠭᠠᠨ ᠬᠤᠪᠢᠰᠬᠠᠬᠤ ᠥᠷᠲᠡᠭᠡᠨ ᠤ ᠡᠷᠬᠢᠨ ᠲᠤᠭᠤᠷᠢᠨ ᠤ ᠡᠪᠡᠰᠦ ᠶᠢ ᠴᠡᠪᠡᠷᠯᠡᠨ ᠠᠷᠢᠯᠭᠠᠬᠤ ᠦᠶ᠎ᠡ ᠳᠤ ᠂ ᠴᠠᠬᠢᠯᠭᠠᠨ ᠬᠦᠴᠦᠨ ᠤ ᠠᠵᠢᠯᠴᠢᠳ ᠴᠡᠪᠡᠷᠯᠡᠭᠰᠡᠨ ᠡᠪᠡᠰᠦ ᠪᠠᠨ ᠲᠥᠷᠥᠯ ᠬᠤᠪᠢᠶᠠᠨ ᠪᠠᠭᠯᠠᠵᠤ᠂ ᠡᠪᠦᠯ ᠤᠨ ᠤᠯᠠᠷᠢᠯ ᠤᠨ ᠲᠡᠵᠢᠭᠡᠯ ᠡᠪᠡᠰᠦ ᠪᠣᠯᠭᠠᠬᠤ ᠳᠤ ᠬᠠᠮᠵᠢᠯᠴᠠᠳᠠᠭ᠃      ᠡᠳᠦᠷ ᠲᠤᠲᠤᠮ ᠤᠨ ᠠᠮᠢᠳᠤᠷᠠᠯ ᠳᠤᠮᠳᠠ ᠲᠡᠭᠦᠰ ᠴᠦ ᠪᠠᠭᠠᠨ᠎ᠠ ᠪᠣᠰᠬᠠᠬᠤ ᠠᠵᠢᠯ ᠶᠠᠪᠤᠳᠠᠯ ᠳᠤ ᠴᠠᠬᠢᠯᠭᠠᠨ ᠬᠦᠴᠦᠨ ᠤ ᠠᠵᠢᠯᠴᠢᠨ ᠤ ᠬᠠᠪᠰᠤᠷᠤᠯᠭ᠎ᠠ ᠳᠤ ᠬᠠᠷᠢᠭᠤ ᠥᠭᠴᠦ ᠪᠠᠶᠢᠯ᠎ᠠ᠃ ᠦᠬᠡᠷ ᠬᠤᠨᠢ ᠶᠢ ᠠᠯᠳᠠᠭᠳᠠᠭᠤᠯᠬᠤ ᠠᠴᠠ ᠵᠠᠶᠢᠯᠠᠰᠬᠢᠬᠦ ᠶᠢᠨ ᠲᠥᠯᠥᠭᠡ᠂ ᠲᠡᠭᠦᠰ ᠮᠠᠯᠵᠢᠯ ᠤᠨ ᠲᠠᠯᠠᠪᠠᠢ ᠶᠢᠨ ᠬᠦᠷᠢᠶ᠎ᠡ ᠬᠠᠰᠢᠶᠠᠨ ᠳᠤ ᠣᠷᠣᠵᠤ ᠭᠠᠷᠬᠤ ᠨᠢᠭᠤᠴᠠ ᠲᠡᠮᠳᠡᠭ ᠲᠣᠬᠢᠷᠠᠭᠤᠯᠤᠭᠰᠠᠨ ᠪᠣᠯᠪᠠᠴᠤ ᠪᠠᠶᠢᠨ ᠳᠠᠬᠢᠨ ᠡᠪᠳᠡᠷᠡᠵᠦ᠂ ᠪᠠᠰᠠ ᠦᠷᠭᠦᠯᠵᠢ ᠰᠢᠨ᠎ᠡ ᠶᠢ ᠰᠣᠯᠢᠬᠤ ᠦᠭᠡᠢ ᠪᠠᠶᠢᠬᠤ ᠶᠢᠨ ᠠᠷᠭ᠎ᠠ ᠦᠭᠡᠢ ᠪᠣᠯᠪᠠ᠃ ᠨᠢᠭᠤᠴᠠ ᠨᠣᠮᠧᠷ ᠢᠶᠠᠨ ᠥᠭᠡᠷᠡᠴᠢᠯᠡᠬᠦ ᠪᠥᠷᠢ ᠲᠡᠷᠡ ᠨᠢᠭᠡᠨ ᠴᠠᠭ ᠲᠤ ᠬᠦᠴᠦᠳᠡᠯ ᠥᠭᠡᠷᠡᠴᠢᠯᠡᠬᠦ ᠥᠷᠲᠡᠭᠡ ᠶᠢᠨ ᠠᠵᠢᠯᠲᠠᠨ ᠳᠤ ᠮᠡᠳᠡᠭᠳᠡᠵᠦ᠂ ᠴᠢᠨᠠᠭᠰᠢᠯᠠᠪᠠᠯ ᠪᠡᠶ᠎ᠡ ᠪᠠᠷ ᠢᠶᠠᠨ ᠵᠢᠭᠠᠨ ᠥᠭᠴᠦ᠂ ᠠᠵᠢᠯᠲᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢ ᠪᠠᠲᠤᠯᠠᠳᠠᠭ᠃ ᠲᠤᠬᠠᠢ ᠶᠢᠨ ᠵᠢᠯ ᠬᠦᠴᠦᠳᠡᠯ ᠥᠭᠡᠷᠡᠴᠢᠯᠡᠬᠦ ᠥᠷᠲᠡᠭᠡ ᠭᠠᠵᠠᠷ ᠰᠣᠩᠭᠤᠬᠤ ᠦᠶ᠎ᠡ ᠳᠤ ᠲᠡᠭᠦᠰ ᠤᠨ ᠮᠠᠯᠵᠢᠯ ᠤᠨ ᠲᠠᠯᠠᠪᠠᠶ ᠶᠢ ᠰᠣᠩᠭᠤᠪᠠ᠃ ᠥᠷᠳᠡᠭᠡ ᠪᠠᠶᠢᠭᠤᠯᠬᠤ ᠦᠶᠡᠰ ᠴᠠᠰᠤ ᠰᠢᠭᠤᠷᠭᠠᠨ ᠢ ᠬᠤᠷᠢᠭᠯᠠᠬᠤ ᠶᠢᠨ ᠲᠥᠯᠦᠭᠡ ᠬᠦᠴᠦᠳᠡᠯ ᠦᠭᠡᠷᠡᠴᠢᠯᠡᠬᠦ ᠥᠷᠳᠡᠭᠡ ᠶᠢᠨ ᠬᠠᠪᠢ ᠳᠤ ᠴᠠᠰᠣᠨ ᠬᠠᠰᠢᠯᠭ᠎ᠠ ᠪᠠᠷᠢᠪᠠ᠃ ᠡᠳᠡᠭᠡᠷ ᠵᠢᠯ ᠳᠤ᠂ ᠨᠤᠲᠤᠭ ᠪᠡᠯᠴᠢᠭᠡᠷ ᠤᠨ ᠳᠠᠬᠢᠨ ᠲᠥᠯᠥᠪᠵᠢᠭᠦᠯᠭᠡ ᠠᠴᠠ ᠪᠣᠯᠵᠤ᠂ ᠨᠤᠲᠤᠭ ᠪᠡᠯᠴᠢᠭᠡᠷ ᠤᠨ ᠲᠣᠣᠷᠯᠢᠭ ᠬᠦᠷᠢᠶ᠎ᠡ ᠪᠠ ᠬᠠᠯᠬᠠᠪᠴᠢ ᠬᠡᠷᠡᠮ ᠢᠶᠠᠷ ᠣᠶᠢᠷ᠎ᠠ ᠪᠣᠯᠬᠤᠷ ᠥᠷᠲᠡᠭᠡᠨ ᠳᠠᠬᠢ ᠲᠡᠷᠭᠡ ᠬᠥᠰᠬᠡ ᠶᠢ ᠬᠡᠪ ᠤᠨ ᠪᠠᠶᠢᠳᠠᠯ ᠢᠶᠠᠷ ᠣᠷᠣᠭᠤᠯᠵᠤ ᠭᠠᠷᠭᠠᠬᠤ ᠶᠢᠨ ᠠᠷᠭ᠎ᠠ ᠦᠭᠡᠢ ᠪᠣᠯᠭᠠᠭᠰᠠᠨ ᠪᠠᠶᠢᠨ᠎ᠠ᠃ ᠡᠨᠡᠬᠦ ᠪᠠᠶᠢᠳᠠᠯ ᠳᠤ ᠴᠢᠭᠯᠡᠭᠦᠯᠦᠨ᠂ ᠥᠷᠯᠥᠭᠡ ᠡᠷᠲᠡ᠂ ᠲᠡᠷᠡ ᠰᠠᠨᠠᠭᠠᠴᠢᠯᠠᠭ᠎ᠠ ᠠᠴᠠ ᠪᠠᠨ ᠬᠦᠴᠦᠳᠡᠯ ᠥᠭᠡᠷᠡᠴᠢᠯᠡᠬᠦ ᠥᠷᠲᠡᠭᠡᠨ ᠤ ᠠᠵᠢᠯᠲᠠᠨ ᠲᠠᠢ ᠨᠠᠷᠢᠨ ᠨᠢᠭᠲᠠ ᠬᠠᠷᠢᠯᠴᠠᠵᠤ᠂ ᠪᠠᠭᠠᠵᠢ ᠬᠡᠷᠡᠭᠰᠡᠯ ᠢᠶᠠᠨ ᠠᠪᠴᠤ ᠪᠠᠷᠠᠭᠤᠨ ᠡᠮᠦᠨ᠎ᠡ ᠥᠨᠴᠥᠭ ᠢ ᠬᠦᠷᠢᠶᠡᠯᠡᠭᠰᠡᠨ ᠲᠡᠮᠦᠷ ᠲᠣᠣᠷ ᠢ ᠨᠤᠷᠠᠭᠠᠵᠤ᠂ ᠵᠢᠵᠢᠭᠦᠷᠯᠡᠭᠴᠢ ᠡᠨᠡ ᠬᠦ ᠳᠤᠲᠠᠭᠳᠠᠯ ᠢ ᠣᠯᠵᠤ ᠦᠵᠡᠭᠡᠳ ᠲᠡᠭᠦᠨ ᠢᠶᠠᠷ ︽ᠠᠳᠡ ᠨᠢ ᠡᠭᠦᠳᠡ ᠪᠠᠨ ᠨᠡᠭᠡᠭᠡᠵᠦ᠂ ᠠᠮᠤᠷ ᠲᠦᠪᠰᠢᠨ ᠪᠥᠭᠡᠳ ᠳᠥᠭᠦᠮ ᠳᠥᠲᠡ︾ ᠭᠡᠵᠦ ᠬᠡᠯᠡᠳᠡᠭ᠃      ᠡᠨᠡ ᠬᠦ ᠬᠦᠴᠦᠳᠡᠯ ᠥᠭᠡᠷᠡᠴᠢᠯᠡᠬᠦ ᠥᠷᠲᠡᠭᠡᠨ ᠤ ᠠᠵᠢᠯᠲᠠᠨ ᠨᠢ ︽ᠰᠠᠭᠠᠳ ᠦᠭᠡᠢ  ᠨᠡᠪᠲᠡᠷᠡᠬᠦ ᠵᠠᠮ︾ ᠨᠢ ᠲᠠᠯ᠎ᠠ ᠨᠤᠲᠤᠭ ᠤᠨ ᠬᠠᠮᠤᠭ ᠤᠨ ᠰᠡᠳᠬᠢᠯ ᠬᠥᠳᠡᠯᠭᠡᠮ᠎ᠡ ᠦᠵᠡᠮᠵᠢ ᠪᠣᠯᠤᠭᠰᠠᠨ ᠪᠠᠶᠢᠨ᠎ᠠ᠃ ᠴᠠᠬᠢᠯᠭᠠᠨ ᠬᠦᠴᠦᠨ ᠤ ᠠᠵᠢᠯᠲᠠᠨ ᠲᠡᠷᠭᠡ ᠵᠢᠯᠣᠭᠤᠳᠴᠤ ᠠᠳᠡᠬᠢ ᠶᠢ ᠤᠷᠤᠭᠰᠢᠲᠠᠢ ᠪᠠᠷ ᠥᠩᠭᠡᠷᠡᠬᠦ ᠳᠤ᠂ ᠴᠠᠰᠤ ᠰᠢᠭᠤᠷᠭᠠᠨ ᠳᠤ ᠪᠥᠰᠡᠯᠡᠭᠳᠡᠭᠰᠡᠨ ᠲᠡᠷᠡ ᠨᠢᠷᠤᠭᠤ ᠬᠠᠷᠠᠭᠳᠠᠨ᠎ᠠ᠃      ᠡᠨᠡ ᠨᠢ ᠴᠠᠬᠢᠯᠭᠠᠨ ᠡᠷᠴᠢᠮ ᠬᠦᠴᠦᠨ ᠤ ᠬᠦᠮᠦᠨ ᠮᠠᠯᠴᠢᠳ ᠲᠠᠢ ᠬᠠᠷᠢᠯᠴᠠᠨ ᠲᠤᠰᠠᠯᠠᠯᠴᠠᠬᠤ ᠶᠢᠨ ᠨᠢᠭᠡᠨ ᠬᠤᠷᠢᠶᠠᠩᠭᠤᠢ ᠳᠦᠷᠢ ᠪᠣᠯᠤᠨ᠎ᠠ᠃ ᠣᠯᠠᠨ ᠵᠢᠯ ᠤᠨ ᠲᠤᠷᠰᠢ᠂ ᠠᠪᠠᠭ᠎ᠠ ᠶᠢᠨ ᠡᠬᠡ ᠭᠠᠵᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠨᠢᠭᠡᠨᠲᠡ ᠠᠪᠠᠭ᠎ᠠ ᠬᠥᠮᠦᠨ ᠤ ᠠᠮᠢᠨ ᠰᠤᠳᠠᠰᠤ ᠪᠣᠯᠤᠭᠰᠠᠨ ᠪᠠᠶᠢᠨ᠎ᠠ᠃ ᠵᠢᠷᠭᠠᠬᠤ ᠨᠠᠷᠠᠨ ᠪᠠᠷᠠᠭᠤᠨᠰᠢ ᠳᠠᠪᠰᠢᠵᠤ᠂ ᠳᠡᠯᠭᠡᠷ ᠬᠦᠴᠦᠳᠡᠯ ᠬᠤᠪᠢᠰᠬᠠᠬᠤ ᠥᠷᠲᠡᠭᠡ ᠳᠤ ᠭᠡᠷᠡᠯᠲᠦᠵᠦ᠂ ᠶᠠᠭ ᠯᠠ ᠰᠥᠨᠢ ᠶᠢᠨ ᠣᠭᠲᠠᠷᠭᠤᠢ ᠳᠤ ᠭᠡᠷᠡᠯᠲᠦᠭᠰᠡᠨ ᠣᠳᠣᠨ ᠮᠡᠴᠢᠳ ᠰᠢᠭ ᠬᠠᠷᠠᠭᠳᠠᠨ᠎ᠠ᠃ ᠲᠡᠭᠦᠰ ᠤᠨ ᠮᠣᠩᠬᠤᠯ ᠭᠡᠷ ᠲᠤ ᠳ᠋ᠧᠩ ᠤᠨ ᠭᠡᠷᠡᠯ ᠡᠳᠦᠷ ᠮᠡᠲᠦ ᠭᠡᠷᠡᠯᠳᠦᠵᠦ᠂ ᠦᠨᠳᠦᠰᠦᠲᠡᠨ ᠤ ᠪᠦᠯᠬᠦᠮᠳᠡᠯ ᠤᠨ ᠣᠶᠠᠩᠭᠠᠲᠤ ᠲᠠᠭᠤᠤ ᠲᠠᠯ᠎ᠠ ᠨᠣᠳᠤᠭ ᠲᠤ ᠬᠠᠩᠬᠢᠨᠠᠨ᠎ᠠ ᠲᠠᠭᠤᠷᠢᠰᠦᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号