ᠣᠶᠤᠲᠠᠨ ᠵᠠᠯᠠᠭᠤ ᠶᠢᠨ ᠣᠨᠴᠠᠯᠢᠭᠲᠤ ᠵᠣᠭᠤᠭ ᠤᠨ ᠦᠷᠦᠭᠡ ᠶᠢᠨ ᠠᠷᠠᠯᠵᠢᠶ᠎ᠠ ᠬᠥᠭᠵᠢᠶᠡᠨᠲᠡᠢ
ᠨᠡᠶᠢᠲᠡᠯᠡᠭᠰᠡᠨ ᠴᠠᠭ᠄
2025/2/24
     ᠣᠶᠢᠷ᠎ᠠ ᠶᠢᠨ ᠬᠤᠶᠠᠷ ᠵᠢᠯ ᠠᠴᠠ ᠮᠠᠯᠴᠢᠨ ᠵᠠᠯᠠᠭᠤ᠂ ᠣᠶᠤᠲᠠᠨ ᠵᠠᠯᠠᠭᠤᠰ ᠢᠶᠠᠷ ᠮᠠᠩᠯᠠᠶᠢᠯᠠᠭᠤᠯᠤᠭᠰᠠᠨ ᠨᠢᠭᠡ ᠪᠦᠯᠦᠭ ᠰᠢᠨ᠎ᠡ ᠴᠠᠭ ᠤᠨ ᠵᠠᠯᠠᠭᠤᠰ ᠴᠠᠭ ᠦᠶ᠎ᠡ ᠶᠢᠨ ᠠᠶᠠᠰ ᠢ ᠳᠠᠭᠠᠭᠰᠠᠨ ᠬᠤᠭᠤᠯᠠ ᠤᠮᠳᠠ ᠶᠢ ᠬᠢᠵᠦ᠂ ᠣᠷᠣᠯᠭ᠎ᠠ ᠪᠠᠨ ᠨᠡᠮᠡᠭᠳᠡᠭᠦᠯᠦᠨ᠂ ᠦᠢᠯᠡᠰ ᠪᠣᠰᠬᠠᠬᠤ ᠰᠢᠨ᠎ᠡ ᠲᠣᠬᠢᠶᠠᠯ ᠣᠯᠵᠡᠢ᠃ ᠡᠭᠦᠨ ᠤ ᠨᠢᠭᠡ ᠨᠢ ᠪᠣᠯ ᠳᠠᠷᠤᠢ ᠠᠪᠠᠭ᠎ᠠ ᠬᠤᠰᠢᠭᠤᠨ ᠤ ᠨᠠᠷᠠᠨᠪᠤᠯᠠᠭ ᠰᠤᠮᠤᠨ ᠤ ᠪᠠᠶᠠᠨᠰᠢᠯᠢ ᠭᠠᠴᠠᠭ᠎ᠠ ᠪᠠᠷ ᠨᠤᠲᠤᠭᠲᠠᠢ ᠣᠶᠤᠲᠠᠨ ᠵᠠᠯᠠᠭᠤ ᠠᠯᠲᠠᠨᠪᠤᠯᠠᠭ ᠪᠣᠯᠣᠨ᠎ᠠ᠃      ᠣᠶᠤᠲᠠᠨ ᠵᠠᠯᠠᠭᠤ ᠠᠯᠲᠠᠨᠪᠤᠯᠠᠭ ᠲᠠᠢ ᠲᠠᠨᠢᠯᠴᠠᠬᠤᠢ      ᠠᠯᠲᠠᠨᠪᠤᠯᠠᠭ 2020 ᠣᠨ ᠳᠤ ᠬᠦᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠠᠯᠪᠤᠷᠢ ᠠᠴᠠ ᠰᠤᠷᠤᠯᠭ᠎ᠠ ᠲᠡᠭᠦᠰᠴᠡᠢ᠃ ᠶᠡᠭᠡ ᠰᠤᠷᠭᠠᠭᠤᠯᠢ ᠳᠤ ᠪᠠᠶᠢᠬᠤ ᠳᠤ ᠪᠠᠨ ᠲᠡᠷᠡ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠪᠡᠭᠡᠵᠢᠩ ᠲᠢᠶᠠᠨᠵᠢᠨ ᠵᠡᠷᠭᠡ ᠭᠠᠵᠠᠷ ᠣᠷᠣᠨ ᠢᠶᠠᠷ ᠬᠦᠷᠴᠦ ᠰᠤᠯᠠ ᠠᠵᠢᠯ ᠬᠢᠵᠦ᠂ ᠳᠡᠷᠭᠡᠳᠡᠬᠢ ᠦᠢᠯᠡᠰ ᠪᠣᠰᠬᠠᠭᠰᠠᠨ ᠠᠬ᠎ᠠ ᠡᠭᠡᠴᠢ ᠨᠠᠷ ᠠᠴᠠ ᠪᠠᠨ ᠤᠯᠠᠨ ᠲᠤᠷᠰᠢᠯᠭ᠎ᠠ ᠰᠤᠷᠤᠯᠴᠠᠵᠡᠢ᠃ ᠶᠡᠭᠡ ᠰᠤᠷᠭᠠᠭᠤᠯᠢ ᠪᠠᠨ ᠲᠡᠭᠦᠰᠦᠭᠰᠡᠨ ᠬᠤᠶᠢᠨ᠎ᠠ ᠲᠡᠷᠡ ᠨᠠᠶᠢᠵᠠ ᠥᠬᠢᠨ ᠲᠠᠢ ᠪᠠᠨ ᠵᠥᠪᠳᠡᠯᠴᠡᠵᠦ᠂ ᠥᠪᠡᠷᠲᠡᠭᠡᠨ ᠦᠢᠯᠡᠰ ᠪᠣᠰᠬᠠᠬᠤ ᠶᠢ ᠵᠣᠷᠢᠵᠤ᠂ 2021  ᠣᠨ ᠤ 11  ᠰᠠᠷ᠎ᠠ ᠳᠤ ᠰᠥᠨᠢᠳ ᠵᠡᠭᠦᠨ ᠬᠤᠰᠢᠭᠤᠨ ᠳᠤ ᠬᠠᠮᠤᠭ ᠠᠩᠬᠠᠨ ᠤ ᠳᠡᠯᠭᠡᠭᠦᠷ ︽ᠡᠭᠡᠰᠢᠭ ᠲᠤᠯᠤᠭ᠎ᠠ︾ ᠵᠣᠭᠤᠭ ᠤᠨ ᠦᠷᠦᠭᠡ ᠪᠠᠨ ᠠᠵᠢᠯᠯᠠᠭᠤᠯᠵᠡᠢ᠃ ᠬᠤᠶᠠᠷ ᠵᠢᠯ ᠪᠣᠯᠵᠤ᠂ ᠮᠡᠷᠭᠡᠵᠢᠯ ᠲᠤᠷᠰᠢᠯᠭ᠎ᠠ ᠤᠯᠠᠮ ᠢᠶᠠᠷ ᠳᠡᠭᠡᠭᠰᠢᠯᠡᠭᠰᠡᠨ ᠠᠴᠠ ᠳᠡᠯᠭᠡᠭᠦᠷ ᠤᠨ ᠬᠡᠪᠴᠢᠶ᠎ᠡ ᠪᠠᠨ ᠥᠷᠭᠡᠳᠬᠡᠬᠦ ᠶᠢ ᠪᠣᠳᠣᠵᠤ᠂ ᠰᠥᠨᠢᠳ ᠳᠠᠬᠢ ᠳᠡᠯᠭᠡᠭᠦᠷ ᠢᠶᠠᠨ ᠪᠤᠰᠤᠳ ᠲᠤ ᠬᠤᠳᠠᠯᠳᠤᠨ᠂ 2024 ᠣᠨ ᠤ 12  ᠰᠠᠷ᠎ᠠ ᠳᠤ ᠬᠤᠶᠠᠷ ᠨᠠᠶᠢᠵᠠ ᠲᠠᠢ ᠪᠠᠨ ᠬᠠᠮᠳᠤᠷᠠᠨ ᠰᠢᠯᠢ ᠶᠢᠨ ᠬᠤᠲᠠ ᠳᠠᠬᠢ ︽ ᠡᠭᠡᠰᠢᠭ ᠳᠣᠯᠤᠭ᠎ᠠ︾ ᠵᠣᠭᠤᠭ ᠤᠨ ᠦᠷᠦᠭᠡ ᠪᠠᠨ ᠠᠵᠢᠯᠯᠠᠭᠤᠯᠤᠭᠰᠠᠨ ᠪᠠᠶᠢᠨ᠎ᠠ᠃     ︽ᠡᠭᠡᠰᠢᠭ ᠲᠤᠯᠤᠭ᠎ᠠ︾ ᠵᠣᠭᠤᠭ ᠤᠨ ᠦᠷᠦᠭᠡ       ᠦᠨᠦᠷ ᠠᠮᠲᠠᠲᠤ ᠮᠤᠩᠭᠤᠯ ᠬᠤᠭᠤᠯᠠᠨ ᠭᠡᠷ ᠰᠢᠯᠢ ᠶᠢᠨ ᠬᠤᠲᠠ  ᠶᠢᠨ ᠵᠡᠭᠡᠯᠢ ᠭᠤᠳᠤᠮᠵᠢ ᠪᠥᠬᠦᠨ ᠳᠤ ᠰᠦᠯᠵᠢᠯᠳᠦᠵᠦ᠂ ᠲᠣᠰ ᠨᠤᠲᠤᠭ ᠤᠨ ᠬᠥᠮᠥᠰ ᠤᠨ ᠬᠤᠭᠤᠯᠠ ᠤᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠳᠠᠭ᠃ ᠭᠡᠪᠡᠴᠦ ᠰᠢᠨ᠎ᠡ ᠴᠠᠭ ᠤᠨ ᠠᠶᠠᠰ ᠢ ᠳᠠᠭᠠᠭᠰᠠᠨ ᠮᠥᠷᠲᠡᠭᠡᠨ ᠮᠣᠩᠭᠤᠯ ᠬᠤᠭᠤᠯᠠ ᠪᠠᠨ ᠵᠡᠷᠭᠡᠪᠡᠷ ᠬᠢᠵᠦ ᠪᠠᠶᠢᠭ᠎ᠠ ᠬᠤᠭᠤᠯᠠ ᠭᠡᠷ ᠲᠤᠭ᠎ᠠ ᠲᠠᠢ ᠯᠡ ᠬᠡᠳᠦ ᠪᠠᠶᠢᠳᠠᠭ᠂ ᠡᠨᠡ ᠲᠣᠬᠢᠶᠠᠯ ᠢ ᠠᠰᠢᠭᠯᠠᠨ ᠠᠯᠲᠠᠨᠪᠤᠯᠠᠭ ᠮᠣᠩᠭᠤᠯ ᠦᠨᠦᠷ ᠠᠮᠲᠠᠲᠤ ᠬᠤᠭᠤᠯᠠ ᠬᠢᠬᠦ ᠶᠢᠨ ᠰᠠᠭᠤᠷᠢᠨ ᠳᠡᠭᠡᠷ᠎ᠡ ᠰᠢᠨ᠎ᠡ ᠪᠦᠲᠦᠭᠡᠭᠳᠡᠭᠦᠨ ᠪᠣᠯᠬᠤ ︽ᠬᠠᠪᠢᠷᠭ᠎ᠠ  ᠲᠠᠢ ᠪᠤᠤᠰᠠ︾ ᠵᠡᠷᠭᠡ ᠶᠢ ᠪᠣᠷᠣᠯᠠᠭᠤᠯᠤᠨ ᠮᠠᠰᠢ ᠤᠯᠠᠨ ᠬᠡᠷᠡᠭᠯᠡᠭᠴᠢᠳ ᠤᠨ ᠬᠦᠷᠢᠶᠡᠯᠡᠯ ᠢ ᠣᠯᠣᠭᠰᠠᠨ ᠶᠤᠮ᠃ ᠡᠳᠡᠨ ᠤ ᠳᠡᠯᠭᠡᠭᠦᠷ ᠬᠠᠮᠪᠦ᠋ᠷᠡᠭ ᠪᠠ ᠫᠢᠰᠠ ᠪᠠᠨ ᠴᠦ ᠥᠪᠡᠷᠲᠡᠭᠡᠨ ᠭᠠᠷ ᠢᠶᠠᠷ ᠢᠶᠠᠨ ᠭᠤᠯᠢᠷ ᠨᠤᠬᠤᠨ ᠬᠢᠵᠦ᠂  ᠬᠠᠮᠪᠦ᠋ᠷᠡᠭ ᠤᠨ ᠮᠢᠬ᠎ᠠ ᠨᠢ ᠴᠦ ᠨᠤᠲᠤᠭ ᠤᠨ ᠦᠬᠡᠷ ᠤᠨ ᠮᠢᠬ᠎ᠠ ᠪᠠᠶᠢᠵᠤ᠂ ᠫᠢᠰᠠ ᠪᠠᠨ ᠴᠦ ᠵᠥᠭᠡᠬᠡᠢ ᠥᠷᠥᠮ᠎ᠡ ᠬᠤᠷᠤᠳ ᠵᠡᠷᠭᠡ ᠪᠠᠶᠢᠭᠠᠯᠢᠯᠢᠭ ᠴᠠᠭᠠᠨ ᠢᠳᠡᠭᠡᠨ ᠢᠶᠠᠨ ᠠᠰᠢᠭᠯᠠᠨ ᠬᠢᠵᠦ ᠪᠠᠶᠢᠭ᠎ᠠ ᠪᠣᠯᠬᠤᠷ ᠵᠣᠴᠢᠳ ᠠᠮᠲᠠᠯᠠᠮᠠᠭᠴᠠ ᠪᠤᠰᠤᠳ ᠳᠡᠯᠭᠡᠭᠦᠷ ᠠᠴᠠ ᠤᠨᠴᠠᠯᠢᠭᠳᠠᠬᠤ ᠦᠨᠦᠷ ᠠᠮᠲᠠ ᠶᠢ ᠮᠡᠳᠡᠷᠡᠵᠦ ᠪᠣᠯᠣᠨ᠎ᠠ᠃ ᠲᠣᠰ ᠳᠡᠯᠭᠡᠭᠦᠷ ᠨᠢ ᠠᠵᠢᠯᠯᠠᠭᠤᠯᠤᠭᠠᠳ ᠳᠡᠮᠡᠢ ᠤᠳᠠᠭᠠᠳᠤᠢ ᠪᠣᠯᠪᠠᠴᠤ ᠣᠶᠤᠲᠠᠨ ᠵᠠᠯᠠᠭᠤᠰ ᠮᠠᠨᠢ ᠰᠦᠯᠵᠢᠶ᠎ᠡ ᠳᠠᠪᠴᠠᠩ ᠢ ᠠᠰᠢᠭᠯᠠᠨ ᠤᠬᠠᠭᠤᠯᠭ᠎ᠠ ᠬᠢᠵᠦ ᠮᠠᠰᠢ ᠤᠯᠠᠨ ᠬᠥᠮᠥᠰ ᠲᠤ ᠡᠶᠢᠮᠦᠷᠬᠦᠦ ᠰᠢᠨ᠎ᠡ ᠳᠡᠯᠭᠡᠭᠦᠷ ᠨᠡᠭᠡᠭᠡᠭᠰᠡᠨ ᠭᠡᠳᠡᠭ ᠢᠶᠠᠨ ᠮᠡᠳᠡᠭᠦᠯᠵᠦ ᠬᠡᠶᠢᠴᠢᠨ ᠵᠣᠴᠢᠨ ᠳᠠᠰᠤᠷᠠᠬᠤ ᠦᠭᠡᠢ ᠦᠷᠭᠦᠯᠵᠢᠯᠡᠵᠦ ᠠᠷᠠᠯᠵᠢᠶ᠎ᠠ ᠮᠠᠰᠢ ᠬᠥᠭᠵᠢᠶᠡᠨᠲᠡᠢ᠃      — ᠪᠢ ᠥᠪᠡᠷᠲᠡᠭᠡᠨ ᠬᠤᠭᠤᠯᠠ ᠤᠮᠳᠠ ᠬᠢᠵᠦ ᠤᠷᠤᠯᠳᠤᠬᠤ ᠪᠠᠭ᠋ᠠᠲᠠᠢ᠂ ᠨᠡᠩ ᠴᠦ ᠮᠣᠩᠭᠤᠯ ᠦᠨᠦᠷ ᠠᠮᠲᠠᠲᠤ ᠬᠤᠭᠤᠯᠠ ᠳᠡᠭᠡᠷ᠎ᠡ ᠪᠠᠨ ᠰᠠᠭᠤᠷᠢᠯᠠᠵᠤ᠂ ᠡᠸᠦ᠋ᠷᠦᠫᠡ ᠬᠤᠭᠤᠯᠠ ᠲᠠᠢ ᠤᠶᠠᠯᠳᠤᠭᠤᠯᠵᠤ ᠤᠯᠠᠨ ᠲᠥᠷᠥᠯ ᠤᠨ ᠬᠤᠭᠤᠯᠠ ᠤᠮᠳᠠ ᠶᠢ ᠬᠢᠳᠡᠭ᠂ ᠰᠢᠨ᠎ᠡ ᠳᠡᠯᠭᠡᠭᠦᠷ ᠲᠤ ᠮᠠᠨᠢ ᠮᠣᠷᠢᠯᠠᠨ ᠰᠠᠭᠠᠲᠠᠵᠤ᠂ ᠤᠷᠮ᠎ᠠ ᠵᠣᠷᠢᠭ ᠬᠠᠶᠢᠷᠠᠯᠠᠭᠰᠠᠨ ᠮᠠᠰᠢ ᠤᠯᠠᠨ ᠬᠥᠮᠥᠰ ᠲᠤ ᠪᠠᠶᠠᠷᠯᠠᠯ᠎ᠠ᠂ ᠦᠷᠭᠦᠯᠵᠢ ᠬᠠᠪᠰᠤᠷᠴᠤ ᠳᠤᠰᠠᠯᠠᠳᠠᠭ ᠨᠠᠶᠢᠵᠠ ᠨᠠᠷ  ᠲᠤ ᠪᠠᠨ ᠴᠦ ᠪᠠᠶᠠᠷᠯᠠᠯ᠎ᠠ᠂ ᠬᠤᠭᠤᠯᠠᠨ ᠤ ᠴᠢᠨᠠᠷ ᠴᠢᠨᠰᠠᠭ᠎ᠠ ᠪᠠᠨ ᠪᠠᠲᠤᠯᠠᠵᠤ᠂ ᠨᠡᠩ ᠤᠯᠠᠨ ᠰᠠᠶᠢᠬᠠᠨ ᠦᠨᠦᠷ ᠠᠮᠲᠠᠲᠤ ᠰᠢᠨ᠎ᠡ ᠪᠦᠲᠦᠭᠡᠭᠳᠡᠭᠦᠨ ᠢᠶᠠᠨ ᠦᠷᠭᠦᠯᠵᠢᠯᠡᠨ ᠲᠠ ᠨᠠᠷ ᠲᠤ ᠪᠠᠨ ᠬᠦᠷᠭᠡᠬᠦ ᠪᠣᠯᠣᠨ᠎ᠠ᠂ ᠰᠢᠨ᠎ᠡ ᠳᠡᠯᠭᠡᠭᠦᠷ  ᠲᠤ ᠮᠠᠨᠢ ᠭᠡᠷᠡᠯᠲᠦᠭᠦᠯᠦᠨ ᠰᠠᠭᠠᠲᠠᠭᠠᠷᠠᠢ ᠭᠡᠵᠦ ᠠᠯᠲᠠᠨᠪᠤᠯᠠᠭ ᠰᠡᠳᠬᠢᠯ ᠳᠦᠭᠦᠷᠡᠩ ᠶᠠᠷᠢᠵᠤ ᠪᠠᠶᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号