ᠬᠤᠨᠢᠨ ᠤ ᠶᠠᠰᠤ ᠲᠠᠢ ᠬᠠᠯᠠᠭᠤᠨ ᠲᠣᠭᠤᠭ᠎ᠠ ᠪᠠᠨ ᠬᠥᠳᠡᠭᠡ ᠠᠴᠠ ᠪᠠᠨ ᠪᠤᠷᠤᠯᠠᠭᠤᠯᠵᠤ ᠪᠠᠶᠢᠭ᠎ᠠ ᠮᠠᠯᠴᠢᠨ— ᠪᠡᠯᠭᠦᠳᠡᠢ ᠪᠠᠯᠭᠠᠰᠤᠨ ᠤ ᠪᠤᠨᠳᠠᠷᠢ ᠭᠠᠴᠠᠭᠠᠨ ᠮᠠᠯᠴᠢᠨ ᠵᠠᠶᠠᠭᠠᠲᠤ ᠶᠢ ᠰᠤᠷᠪᠤᠯᠵᠢᠯᠠᠭᠠᠳ
ᠨᠡᠶᠢᠲᠡᠯᠡᠭᠰᠡᠨ ᠴᠠᠭ᠄
2025/2/24
     ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠪᠤᠨᠳᠠᠷᠢ ᠭᠠᠴᠠᠭᠠᠨ ᠤ ᠮᠠᠯᠴᠢᠨ ᠵᠠᠶᠠᠭᠠᠲᠤ ᠶᠢᠨ ᠴᠤᠤᠷᠢᠶ᠎ᠠ ᠳᠠᠪᠴᠠᠩ ᠤᠨ ᠰᠢᠭᠤᠳ ᠨᠡᠪᠲᠡᠷᠡᠭᠦᠯᠭᠡ ᠶᠡᠭᠡ ᠬᠦᠷᠢᠶᠡᠯᠡᠯ ᠲᠠᠢ ᠪᠠᠶᠢᠳᠠᠭ᠃ ᠵᠠᠶᠠᠭᠠᠲᠤ ᠨᠢᠳᠤᠨᠤᠨ ᠤ  9  ᠰᠠᠷ᠎ᠠ ᠶᠢᠨ ᠬᠤᠷᠢᠨ ᠠᠴᠠ ᠡᠬᠢᠯᠡᠨ ᠴᠤᠤᠷᠢᠶ᠎ᠠ ᠳᠠᠪᠴᠠᠩ ᠢᠶᠠᠷ ᠰᠢᠭᠤᠳ ᠨᠡᠪᠳᠡᠷᠡᠭᠦᠯᠭᠡ ᠬᠢᠵᠦ᠂ ᠡᠬᠢᠯᠡᠭᠡᠳ ᠬᠤᠷᠠᠭᠠᠨ ᠤ ᠮᠢᠬᠠᠨ ᠤ ᠪᠦᠲᠦᠭᠡᠭᠳᠡᠭᠦᠨ ᠢᠶᠠᠨ ᠪᠤᠷᠤᠯᠠᠭᠤᠯᠵᠤ᠂ ᠠᠬᠢᠭᠠᠳ 10  ᠰᠠᠷ᠎ᠠ ᠶᠢᠨ ᠠᠷᠪᠠᠨ ᠬᠡᠳᠦᠨ ᠢᠶᠠᠷ ᠬᠤᠰᠢᠭᠤᠨ ᠤ ᠲᠥᠪ ᠲᠡᠭᠡᠨ ᠦᠬᠡᠷ ᠲᠦᠬᠦᠭᠡᠷᠴᠦ ᠮᠢᠬ᠎ᠠ ᠪᠤᠷᠤᠯᠠᠭᠤᠯᠬᠤ  ᠶᠢᠨ ᠳᠠᠭᠠᠤ ᠰᠢᠭᠤᠳ ᠨᠡᠪᠲᠡᠷᠡᠭᠦᠯᠭᠡ ᠬᠢᠵᠦ ᠵᠠᠬ᠎ᠠ ᠳᠡᠯᠭᠡᠭᠦᠷ ᠬᠠᠶᠢᠪᠠ᠃ ᠴᠤᠤᠷᠢᠶ᠎ᠠ ᠳᠠᠪᠴᠠᠩ ᠢ ᠴᠢᠳᠠᠮᠠᠭᠠᠢ ᠠᠰᠢᠭᠯᠠᠭᠰᠠᠨ ᠢᠶᠠᠷ ᠭᠠᠳᠠᠷ ᠤᠷᠤᠨ ᠤ ᠬᠡᠷᠡᠭᠯᠡᠭᠴᠢᠳ ᠢ ᠶᠡᠬᠡᠪᠡᠷ ᠳᠠᠲᠠᠵᠤ᠂ ᠮᠠᠯᠴᠢᠳ ᠤᠨ ᠭᠠᠷ ᠠᠴᠠ ᠮᠠᠯ ᠤᠨ ᠮᠢᠬ᠎ᠠ ᠠᠪᠬᠤ ᠨᠢᠭᠡᠨ ᠵᠠᠮ ᠢ ᠨᠡᠭᠡᠭᠡᠵᠦ ᠦᠭᠬᠦᠭᠰᠡᠨ ᠪᠠᠶᠢᠨ᠎ᠠ᠃ ᠰᠢᠭᠤᠳ ᠨᠡᠪᠳᠡᠷᠡᠬᠦᠯᠭᠡ ᠬᠢᠭᠡᠳ ᠨᠠᠯᠢᠶᠠᠳ ᠬᠦᠷᠢᠶᠡᠯᠡᠭᠴᠢ ᠲᠠᠢ ᠪᠤᠯᠵᠤ᠂ ᠬᠤᠨᠢ ᠦᠬᠡᠷ ᠤᠨ ᠮᠢᠬ᠎ᠠ ᠪᠠᠨ ᠰᠦᠯᠵᠢᠶᠡᠨ ᠤ ᠳᠠᠪᠴᠠᠩ ᠢᠶᠠᠷ ᠪᠤᠷᠤᠯᠠᠭᠤᠯᠵᠤ ᠳᠡᠶᠢᠯᠬᠦ ᠪᠤᠯᠤᠭᠰᠠᠨ ᠰᠠᠭᠤᠷᠢᠨ ᠳᠡᠭᠡᠷ᠎ᠡ ᠵᠠᠶᠠᠭᠠᠲᠤ ᠬᠤᠨᠢ ᠦᠬᠡᠷ ᠤᠨ ᠮᠢᠬ᠎ᠠ ᠪᠠᠷ ᠢᠶᠠᠨ ᠪᠤᠯᠭᠤᠭᠰᠠᠨ ᠪᠦᠲᠦᠭᠡᠭᠳᠡᠭᠦᠨ ᠬᠢᠵᠦ ᠤᠯᠠᠮ ᠤᠯᠠᠨ ᠬᠦᠮᠦᠨ ᠤ ᠲᠠᠭᠠᠰᠢᠶᠠᠯ ᠳᠤ ᠬᠦᠷᠭᠡᠬᠦ ᠶᠢ ᠪᠤᠳᠤᠵᠡᠢ᠃ ᠲᠡᠷᠡ ᠬᠡᠷᠬᠢᠨ ᠬᠢᠬᠦ ᠲᠤᠬᠠᠢ ᠰᠤᠷᠴᠤ ᠰᠤᠳᠤᠯᠤᠭᠠᠳ᠂ ᠲᠤᠰᠬᠠᠢ ᠪᠦᠲᠦᠭᠡᠭᠳᠡᠭᠦᠨ ᠬᠢᠳᠡᠭ ᠦᠢᠯᠡᠳᠪᠦᠷᠢ ᠶᠢ ᠡᠷᠢᠵᠦ ᠥᠪᠡᠷ ᠤᠨ ᠬᠤᠨᠢᠨ ᠤ ᠮᠢᠬ᠎ᠠ ᠪᠠᠷ ᠢᠶᠠᠨ ︽ ᠮᠠᠯᠴᠢᠨ ᠵᠠᠶᠠᠭ᠎ᠠ︾ ᠲᠡᠮᠳᠡᠭᠲᠦ ᠬᠤᠨᠢᠨ ᠤ ᠶᠠᠰᠤ ᠲᠠᠢ ᠬᠠᠯᠠᠭᠤᠨ ᠲᠤᠭᠤᠭ᠎ᠠ ᠶᠢ ᠰᠡᠳᠦᠵᠦ ᠬᠢᠭᠰᠡᠨ ᠪᠠᠶᠢᠨ᠎ᠠ᠃ ᠲᠤᠰ ᠬᠠᠯᠠᠭᠤᠨ ᠲᠣᠭᠤᠭ᠎ᠠ ᠨᠢ ᠬᠤᠨᠢᠨ ᠤ ᠶᠠᠰᠤ ᠲᠠᠢ ᠮᠢᠬ᠎ᠠ ᠪᠠᠨ ᠴᠢᠨᠠᠵᠤ ᠪᠤᠯᠭᠤᠨ ᠪᠡᠯᠡᠨ ᠪᠤᠯᠭᠠᠭᠰᠠᠨ ᠢᠶᠠᠷ ᠢᠶᠠᠨ ᠤᠨᠴᠠᠯᠢᠭᠳᠠᠨ᠎ᠠ᠃ ᠠᠮᠲᠠᠯᠠᠭᠴᠢ ᠪᠤᠯᠤᠨ  ᠱᠦᠯᠦ ᠶᠢ ᠨᠢ ᠴᠦ ᠳᠠᠭᠠᠯᠳᠤᠭᠤᠯᠤᠭᠰᠠᠨ ᠪᠤᠯᠬᠤᠷ ᠬᠡᠷᠡᠭᠯᠡᠭᠴᠢ ᠠᠪᠤᠭᠰᠠᠨ ᠤ ᠪᠠᠨ ᠳᠠᠷᠠᠭ᠎ᠠ ᠰᠢᠭᠤᠳ ᠨᠡᠭᠡᠭᠡᠭᠡᠳ ᠯᠡ ᠢᠳᠡᠬᠦ ᠳᠤ ᠲᠤᠩ ᠳᠦᠭᠦᠮ ᠪᠠᠶᠢᠳᠠᠭ᠃ ᠪᠦᠷ ᠬᠤᠨᠢᠨ ᠤ ᠨᠢᠷᠤᠭᠤ ᠰᠡᠭᠡᠷ ᠤᠨ ᠶᠠᠰᠣ ᠲᠠᠢ ᠮᠢᠬ᠎ᠠ ᠪᠠᠷ ᠬᠢᠵᠦ᠂ ᠥᠭᠡᠷ᠎ᠡ ᠬᠤᠯᠢᠴᠠ ᠦᠭᠡᠢ᠃ ᠨᠥᠭᠦᠭᠡ ᠲᠠᠯ᠎ᠠ ᠪᠠᠷ ᠲᠡᠭᠦᠨ ᠤ ᠠᠵᠢᠯ ᠤᠨ ᠤᠨᠴᠠᠯᠢᠭ ᠭᠡᠪᠡᠯ ᠬᠤᠲᠠ ᠪᠠᠯᠭᠠᠰᠤ ᠪᠠᠷᠠᠳᠠᠭᠰᠠᠨ ᠦᠭᠡᠢ᠂ ᠬᠥᠳᠡᠭᠡ ᠭᠡᠷ ᠲᠡᠭᠡᠨ ᠪᠦᠲᠦᠭᠡᠭᠳᠡᠭᠦᠨ ᠢᠶᠠᠨ ᠪᠡᠯᠡᠨ ᠪᠤᠯᠭᠠᠴᠢᠬᠠᠭᠠᠳ ᠰᠦᠯᠵᠢᠶ᠎ᠡ ᠪᠠᠷ ᠭᠤᠣᠯᠲᠠᠢ ᠪᠤᠷᠤᠯᠠᠭᠤᠯᠵᠤ ᠪᠠᠶᠢᠭ᠎ᠠ ᠶᠤᠮ ᠪᠠᠶᠢᠨ᠎ᠠ᠃ ᠡᠨᠡ ᠨᠢ ᠰᠢᠨ᠎ᠡ ᠴᠠᠭ ᠤᠨ ᠨᠥᠬᠦᠴᠡᠯ ᠪᠤᠯᠤᠮᠵᠢ ᠶᠢ ᠴᠢᠳᠠᠮᠠᠭᠠᠢ ᠠᠰᠢᠭᠯᠠᠵᠤ ᠴᠢᠳᠠᠭᠰᠠᠨ ᠬᠦᠮᠦᠨ ᠤ ᠬᠢᠳᠡᠯ ᠶᠤᠮ᠃ ᠬᠠᠯᠠᠭᠤᠨ ᠲᠣᠭᠤᠭᠠᠨ ᠤ ᠬᠢᠨᠢ ᠦᠨᠦᠷ ᠠᠮᠲᠠ ᠨᠢ ᠰᠢᠨ᠎ᠡ ᠰᠣᠷᠭᠤᠭ᠂ ᠢᠳᠡᠬᠦ ᠳᠤ ᠳᠦᠭᠦᠮ ᠪᠠᠶᠢᠳᠠᠭ ᠪᠤᠯᠬᠤᠷ ᠵᠠᠬᠢᠶᠠᠯᠠᠭ᠎ᠠ ᠳᠠᠰᠤᠷᠠᠬᠤ ᠦᠭᠡᠢ ᠪᠠᠶᠢᠵᠤ ᠪᠤᠷᠤᠯᠠᠭᠤᠯᠭ᠎ᠠ ᠨᠢ ᠣᠨᠴᠠ ᠰᠠᠶᠢᠨ ᠪᠠᠶᠢᠳᠠᠭ᠃ ᠣᠨᠴᠠᠭᠠᠶᠢᠯᠠᠨ ᠴᠠᠭᠠᠨ ᠰᠠᠷ᠎ᠠ ᠶᠢᠨ ᠬᠤᠭᠤᠴᠠᠭᠠᠨ ᠤ ᠪᠤᠷᠤᠯᠠᠭᠤᠯᠭ᠎ᠠ ᠶᠢᠨ ᠪᠠᠶᠢᠳᠠᠯ ᠬᠡᠳᠦᠨ ᠳᠠᠬᠢᠨ ᠢᠶᠠᠷ ᠨᠡᠮᠡᠭᠳᠡᠵᠦ᠂ ᠲᠡᠭᠦᠨ ᠤ ᠰᠤᠩᠭᠤᠯᠲᠠ ᠪᠤᠷᠤᠭᠤ ᠦᠭᠡᠢ ᠭᠡᠰᠡᠨ ᠢ ᠬᠠᠷᠠᠭᠤᠯᠤᠨ᠂ ᠦᠬᠡᠷ ᠬᠤᠨᠢᠨ ᠤ ᠮᠢᠬ᠎ᠠ ᠪᠠᠨ ᠦᠷᠭᠦᠯᠵᠢᠯᠡᠨ ᠥᠪᠡᠷ ᠢᠶᠠᠨ ᠡᠳ᠋ᠰᠢᠭᠦᠯᠦᠨ ᠪᠤᠷᠤᠯᠠᠭᠤᠯᠬᠤ ᠵᠣᠷᠢᠭ ᠢ ᠨᠢ ᠬᠥᠪᠴᠢᠯᠡᠭᠰᠡᠨ ᠪᠠᠶᠢᠨ᠎ᠠ᠃      ᠵᠠᠶᠠᠭᠠᠲᠤ ᠥᠪᠡᠷ ᠤᠨ ᠮᠠᠯᠵᠢᠵᠤ ᠪᠠᠶᠢᠭ᠎ᠠ ᠦᠬᠡᠷ ᠬᠤᠨᠢᠨ ᠤ ᠪᠠᠨ ᠮᠢᠬ᠎ᠠ ᠶᠢ ᠡᠮᠦᠨᠡᠲᠦ ᠤᠷᠤᠨ ᠤ ᠬᠡᠷᠡᠭᠯᠡᠭᠴᠢᠳ ᠲᠤ ᠲᠠᠨᠢᠭᠤᠯᠬᠤ ᠪᠠᠷ ᠴᠢᠷᠮᠠᠶᠢᠨ ᠠᠵᠢᠯᠯᠠᠵᠤ᠂ ᠦᠬᠡᠷ ᠬᠤᠨᠢ ᠠᠮᠢᠳᠤ ᠪᠠᠷ ᠢᠶᠠᠨ ᠥᠨᠳᠦᠷ ᠦᠨ᠎ᠡ ᠳᠤ ᠬᠦᠷᠬᠦ ᠦᠭᠡᠢ ᠪᠠᠶᠢᠭ᠎ᠠ ᠴᠦ ᠨᠠᠷᠢᠯᠢᠭ ᠡᠳ᠋ᠰᠢᠭᠦᠯᠪᠡᠯ ᠭᠠᠷᠬᠤ ᠵᠠᠮ ᠪᠤᠢ ᠭᠡᠰᠡᠨ ᠢ ᠢᠯᠡᠭᠦᠦ ᠨᠢᠭᠡ ᠬᠦᠮᠦᠨ ᠳᠤ ᠬᠠᠷᠠᠭᠤᠯᠬᠤ ᠶᠢ ᠵᠤᠷᠢᠵᠤ ᠶᠠᠪᠤᠭ᠎ᠠ ᠪᠢᠯᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号