ᠡᠷᠡᠭᠦᠯ ᠴᠢᠭᠢᠷᠠᠭ ᠵᠣᠯ ᠵᠢᠷᠭᠠᠯ ᠪᠣᠯ ᠬᠥᠮᠥᠰ ᠤᠨ ᠠᠮᠢᠳᠤᠷᠠᠯ ᠳᠤ ᠬᠠᠮᠤᠭ ᠤᠨ ᠳᠥᠭᠦᠮ ᠮᠥᠷᠲᠡᠭᠡᠨ | ᠬᠠᠮᠤᠭ ᠤᠨ ᠰᠠᠶᠢᠨ ᠰᠠᠶᠢᠬᠠᠨ ᠬᠠᠷᠠᠯᠲᠠ ᠶᠢᠨ ᠨᠢᠭᠡ᠃ ᠡᠷᠡᠭᠦᠯ ᠴᠢᠭᠢᠷᠠᠭ ᠵᠣᠯ ᠵᠢᠷᠭᠠᠯ ᠲᠠᠢ ᠨᠢᠭᠡ ᠨᠠᠰᠤ ᠶᠢ | ᠥᠩᠭᠡᠷᠡᠭᠡᠬᠦ ᠳᠤ᠂ ᠶᠠᠮᠠᠷ ᠡᠯᠧᠮᠧᠨ᠋ᠲ ᠨᠢ ᠨᠠᠩ ᠴᠢᠬᠤᠯᠠ ᠪᠤᠢ︖ ᠲᠦᠷᠦᠭᠦᠬᠡᠨ᠂ ᠳᠤᠮᠳᠠᠳᠤ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠰᠦᠯᠵᠢᠶ᠎ᠡ ᠨᠢ ᠡᠷᠬᠡ ᠰᠦᠷᠲᠦ ᠡᠷᠳᠡᠮ | ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ︾ ᠰᠡᠳᠬᠦᠯ ᠳᠤ ᠰᠢᠯᠵᠢᠭᠦᠯᠦᠨ ᠨᠡᠶᠢᠲᠡᠯᠡᠭᠰᠡᠨ ᠨᠢᠭᠡᠨ | ᠰᠤᠳᠤᠯᠭᠠᠨ ᠤ ᠰᠠᠨᠠᠭᠤᠯᠤᠮᠵᠢ ᠶᠢ ᠨᠡᠶᠢᠲᠡᠯᠡᠪᠡ᠂ ᠬᠥᠮᠥᠨ ᠥᠲᠡᠯᠪᠡᠯ ᠳᠤᠷ᠎ᠠ ᠪᠠᠬ᠎ᠠ ᠲᠠᠢ ᠪᠠᠶᠢᠬᠤ ᠬᠡᠷᠡᠭᠲᠡᠢ᠂ | ᠵᠥᠪᠭᠡᠨ ᠨᠢᠭᠡ ᠯᠡ ᠪᠠᠶᠢᠭᠰᠠᠨ ᠴᠦ ᠪᠣᠯᠣᠨ᠎ᠠ᠃ ᠤᠴᠢᠷ ᠨᠢ ᠳᠤᠷ᠎ᠠ ᠪᠠᠬ᠎ᠠ ᠲᠠᠢ ᠨᠠᠰᠤᠲᠠᠨ ᠠᠮᠠᠷᠬᠠᠨ ᠭᠠᠩᠰᠠᠷᠠᠬᠤ | ᠦᠭᠡᠢ᠂ ᠨᠠᠩ ᠡᠷᠡᠭᠦᠯ ᠴᠢᠭᠢᠷᠠᠭ ᠤᠷᠲᠤ ᠨᠠᠰᠤᠯᠠᠨ᠎ᠠ᠃ ᠲᠣᠰ ᠰᠤᠳᠤᠯᠭᠠᠨ ᠢ ᠡᠷᠳᠡᠮ ᠰᠢᠨᠵᠢᠯᠡᠭᠡᠨ ᠤ | ᠬᠤᠭᠤᠴᠠᠭᠠᠲᠤ ᠰᠡᠳᠬᠦᠯ ︽ᠪᠠᠶᠢᠭᠠᠯᠢ · ᠠᠨᠠᠭᠠᠬᠤ ᠤᠬᠠᠭᠠᠨ︾ ᠳᠡᠭᠡᠷ᠎ᠡ ᠨᠡᠶᠢᠲᠡᠯᠡᠪᠡ᠃ ᠰᠤᠳᠤᠯᠤᠭᠴᠢᠳ 16 | ᠤᠯᠤᠰ ᠤᠨ 9 ᠲᠦᠮᠡ ᠭᠠᠷᠤᠢ ᠨᠠᠰᠤᠲᠠᠶᠢᠴᠤᠳ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠬᠥᠮᠥᠰ ᠨᠠᠰᠤ | ᠠᠬᠢᠭᠰᠠᠨ ᠴᠤ ᠠᠵᠢᠯ ᠤᠨ ᠴᠢᠯᠦᠭᠡᠨ ᠤ ᠳᠤᠷ᠎ᠠ ᠰᠣᠨᠢᠷᠬᠠᠯ ᠲᠠᠢ ᠪᠠᠶᠢᠬᠤ ᠶᠢᠨ ᠴᠢᠬᠤᠯᠠ ᠴᠢᠨᠠᠷ ᠢ ᠵᠢᠭᠠᠵᠤ | ᠭᠠᠷᠭᠠᠪᠠ᠃ ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠳᠤᠷ᠎ᠠ ᠰᠣᠨᠢᠷᠬᠠᠯ ᠨᠢ ᠨᠡᠯᠢᠶᠡᠳ ᠪᠠᠭ᠎ᠠ | ᠭᠠᠩᠰᠠᠷᠠᠬᠤ ᠡᠪᠡᠳᠴᠢᠨ ᠤ ᠢᠯᠡᠷᠡᠯ᠂ ᠨᠠᠩ ᠥᠨᠳᠥᠷ ᠬᠢᠷᠢ ᠲᠦᠪᠰᠢᠨ ᠪᠦᠬᠦᠢ ᠥᠪᠡᠷ ᠤᠨ ᠪᠡᠶ᠎ᠡ ᠶᠢᠨ ᠡᠷᠡᠭᠦᠯ | ᠮᠡᠨᠳᠦ᠂ ᠵᠣᠯ ᠵᠢᠷᠭᠠᠯᠲᠤ ᠰᠡᠳᠬᠢᠯᠭᠡ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠬᠤᠯᠪᠤᠭ᠎ᠠ ᠲᠠᠢ᠃ ᠬᠤᠷᠸ᠎ᠠ | ᠲᠠᠯ᠎ᠠ ᠠᠴᠠ ᠠᠪᠴᠤ ᠬᠡᠯᠡᠪᠡᠯ᠂ ᠳᠤᠷ᠎ᠠ ᠰᠣᠨᠢᠷᠬᠠᠯ ᠤᠨ ᠲᠦᠭᠡᠮᠡᠯ ᠴᠢᠨᠠᠷ ᠨᠢ ᠪᠠᠰᠠ ᠠᠷᠠᠳ ᠢᠷᠭᠡᠳ ᠤᠨ ᠵᠣᠯ | ᠵᠢᠷᠭᠠᠯ ᠤᠨ ᠬᠢᠷᠢ ᠲᠦᠪᠰᠢᠨ ᠪᠠ ᠵᠢᠱᠢᠭᠰᠡᠨ ᠨᠠᠰᠤᠨ ᠬᠤᠲᠤᠭ ᠲᠠᠢ ᠬᠤᠯᠪᠤᠭ᠎ᠠ ᠲᠠᠢ ᠶᠤᠮ᠃ | ᠰᠤᠳᠤᠯᠭᠠᠲᠠᠳ ᠤᠨ ᠰᠠᠨᠠᠭᠤᠯᠤᠭᠰᠠᠨ ᠢᠶᠠᠷ᠂ ᠠᠳᠡ ᠬᠡᠯᠡᠵᠦ ᠪᠠᠶᠢᠭ᠎ᠠ ︽ᠳᠤᠷ᠎ᠠ ᠪᠠᠬ᠎ᠠ︾ ᠭᠡᠳᠡᠭ ᠨᠢ | ᠬᠥᠮᠥᠰ ᠤᠨ ᠰᠤᠯᠠ ᠰᠡᠯᠡᠭᠦᠦ ᠴᠠᠭ ᠲᠠᠭᠠᠨ ᠬᠢᠬᠦ ᠵᠤᠭ᠎ᠠ ᠴᠡᠩᠭᠡᠯ ᠤᠨ ᠠᠵᠢᠯᠯᠠᠭ᠎ᠠ᠂ ᠵᠢᠱᠢᠶᠡᠯᠡᠪᠡᠯ ᠤᠷᠠᠯᠢᠭ | ᠤᠷᠤᠯᠳᠤᠬᠤ᠂ ᠭᠠᠷ ᠤᠷᠠᠯᠠᠯ ᠬᠢᠬᠦ᠂ ᠨᠣᠮ ᠤᠩᠰᠢᠬᠤ᠂ ᠲᠣᠭᠯᠠᠭᠠᠮ ᠨᠠᠭᠠᠳᠬᠤ᠂ ᠬᠥᠳᠡᠯᠭᠡᠭᠡᠨ ᠬᠢᠬᠦ᠂ | ᠴᠡᠴᠡᠷᠯᠢᠭ ᠤᠨ ᠤᠷᠠᠯᠢᠭ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠡᠯ᠎ᠡ ᠵᠦᠢᠯ ᠤᠨ ᠨᠡᠶᠢᠭᠡᠮᠯᠢᠭ / | ᠺᠯᠦ᠋ᠪ ᠲᠤ ᠣᠷᠤᠯᠴᠠᠬᠤ ᠵᠡᠷᠭᠡ ᠠᠵᠢᠯᠯᠠᠭ᠎ᠠ ᠪᠣᠯᠣᠨ᠎ᠠ᠃ ᠡᠳᠡᠭᠡᠷ ᠠᠵᠢᠯᠯᠠᠭᠠᠨ ᠨᠢ᠂ ᠬᠥᠮᠥᠰ ᠤᠨ ᠲᠥᠰᠥᠭᠡᠯᠡᠬᠦᠢ | ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠵᠦ᠂ ᠰᠡᠷᠡᠯ ᠤᠨ ᠡᠷᠬᠡᠲᠡᠨ ᠪᠠ ᠲᠠᠨᠢᠨ ᠮᠡᠳᠡᠬᠦᠢ ᠳᠤ | ᠰᠡᠳᠡᠯᠲᠡ ᠥᠭᠴᠦ᠂ ᠬᠤᠪᠢ ᠬᠥᠮᠥᠨ ᠤ ᠥᠪᠡᠷ ᠢ ᠪᠠᠨ ᠢᠯᠡᠳᠬᠡᠬᠦ ᠶᠢ ᠠᠬᠢᠭᠤᠯᠳᠠᠭ᠃ ᠨᠡᠶᠢᠭᠡᠮ ᠤᠨ | ᠬᠠᠷᠢᠯᠴᠠᠭᠠᠨ ᠤ ᠰᠢᠨᠵᠢ ᠴᠢᠨᠠᠷ ᠲᠠᠢ ᠠᠵᠢᠯᠯᠠᠭ᠎ᠠ ᠳᠤ ᠣᠷᠤᠯᠴᠠᠬᠤ ᠨᠢ ᠪᠠᠰᠠ ᠨᠡᠶᠢᠭᠡᠮ ᠤᠨ ᠳᠡᠮᠵᠢᠯᠭᠡ ᠶᠢ | ᠬᠠᠩᠭᠠᠵᠤ᠂ ᠭᠠᠭᠴᠠᠭᠠᠷᠳᠠᠬᠤ ᠰᠡᠳᠬᠢᠯᠭᠡ ᠪᠠ ᠨᠡᠶᠢᠭᠡᠮ ᠤᠨ ᠭᠠᠭᠴᠠᠭᠠᠷᠳᠠᠬᠤ ᠰᠡᠳᠬᠢᠯᠭᠡ ᠶᠢ | ᠪᠠᠭᠠᠰᠬᠠᠵᠤ ᠴᠢᠳᠠᠨ᠎ᠠ᠃ ᠲᠣᠰ ᠰᠤᠳᠤᠯᠭᠠᠨ ᠤ ᠲᠤᠭ᠎ᠠ ᠪᠠᠷᠢᠮᠲᠠ ᠨᠢ 5 ᠲᠣᠮᠣ ᠭᠡᠯᠪᠡᠷᠢ ᠶᠢᠨ ᠡᠩᠨᠡᠭᠡ ᠶᠢᠨ | ᠰᠤᠳᠤᠯᠭᠠᠨ᠂ ᠠᠩᠭ᠍ᠯᠢ ᠶᠢᠨ ᠨᠠᠰᠤᠵᠢᠯᠲᠠ ᠶᠢᠨ ᠭᠤᠯᠳᠤ ᠴᠢᠭᠯᠡᠯ ᠤᠨ ᠰᠤᠳᠤᠯᠭᠠᠨ᠂ ᠶᠠᠫᠤᠨ ᠤ ᠨᠠᠰᠤᠲᠠᠶᠢᠴᠤᠳ ᠤᠨ | ᠰᠤᠳᠤᠯᠤᠯ ᠤᠨ ᠦᠨᠡᠯᠡᠨ ᠵᠢᠱᠢᠬᠦ ᠰᠤᠳᠤᠯᠭᠠᠨ᠂ ᠠᠮᠧᠷᠢᠺᠠ ᠶᠢᠨ ᠡᠷᠡᠭᠦᠯ ᠮᠡᠨᠳᠦ ᠬᠢᠭᠡᠳ ᠠᠵᠢᠯ ᠠᠴᠠ ᠪᠠᠨ ᠠᠮᠠᠷᠠᠬᠤ | ᠭᠤᠯᠳᠤ ᠴᠢᠭᠯᠡᠯ ᠤᠨ ᠰᠤᠳᠤᠯᠭᠠᠨ᠂ ᠡᠸᠦ᠋ᠷᠦᠫᠡ ᠲᠢᠪ ᠤᠨ ᠡᠷᠡᠭᠦᠯ ᠮᠡᠨᠳᠦ ᠶᠢᠨ ᠨᠠᠰᠤᠵᠢᠯᠲᠠ ᠪᠠ ᠠᠵᠢᠯ ᠠᠴᠠ ᠪᠠᠨ | ᠠᠮᠠᠷᠠᠬᠤ ᠪᠠᠶᠢᠴᠠᠭᠠᠯᠲᠠ ᠪᠠ ᠳᠤᠮᠳᠠᠳᠤ ᠤᠯᠤᠰ ᠤᠨ ᠡᠷᠡᠭᠦᠯ ᠮᠡᠨᠳᠦ ᠬᠢᠭᠡᠳ ᠨᠠᠰᠤᠵᠢᠯ ᠤᠨ ᠠᠰᠠᠷᠠᠮᠵᠢ ᠶᠢᠨ | ᠮᠥᠷᠳᠡᠨ ᠪᠠᠶᠢᠴᠠᠭᠠᠯᠲᠠ ᠵᠡᠷᠭᠡ ᠠᠴᠠ ᠢᠷᠡᠯᠲᠡ ᠲᠠᠢ ᠪᠠᠶᠢᠵᠤ᠂ ᠳᠤᠮᠳᠠᠳᠤ ᠤᠯᠤᠰ᠂ ᠠᠮᠧᠷᠢᠺᠠ᠂ ᠠᠩᠭ᠍ᠯᠢ᠂ ᠶᠠᠫᠤᠨ᠂ | ᠳ᠋ᠠᠨ᠋ᠮᠠᠷᠺ᠂ ᠭᠧᠷᠮᠠᠨ᠂ ᠰᠸᠢᠰ᠂ ᠢᠰᠫᠠᠨᠢ ᠵᠡᠷᠭᠡ 16 ᠤᠯᠤᠰ ᠤᠨ ᠣᠷᠣᠯᠴᠠᠭᠴᠢ᠂ ᠠᠳᠠᠯᠢ ᠪᠤᠰᠤ ᠤᠯᠤᠰ ᠤᠨ | ᠣᠷᠣᠯᠴᠠᠭᠴᠢ ᠶᠢᠨ ᠳᠤᠮᠳᠠᠴᠢ ᠨᠠᠰᠤ 71.7 - 75.9 ᠶᠢ ᠪᠠᠭᠲᠠᠭᠠᠨ᠎ᠠ᠃ | ᠶᠡᠷᠦᠩᠬᠡᠢ ᠳᠤᠨᠢ ᠠᠪᠴᠤ ᠬᠡᠯᠡᠪᠡᠯ᠂ ᠤᠷᠮ᠎ᠠ ᠪᠠᠬ᠎ᠠ ᠪᠠ ᠭᠠᠩᠰᠠᠷᠠᠯ ᠤᠨ ᠢᠯᠡᠷᠡᠯ ᠲᠠᠢ ᠪᠠᠶᠢᠬᠤ ᠨᠢ ᠰᠥᠭᠡᠷᠭᠦ | ᠢᠯᠡᠷᠡᠯ ᠲᠠᠢ ᠬᠤᠯᠪᠤᠭ᠎ᠠ ᠲᠠᠢ᠂ ᠥᠪᠡᠷ ᠢᠶᠠᠨ ᠮᠡᠳᠡᠭᠦᠯᠬᠦ ᠡᠷᠡᠭᠦᠯ ᠮᠡᠨᠳᠦ ᠶᠢᠨ ᠬᠢᠷᠢ ᠲᠦᠪᠰᠢᠨ᠂ ᠵᠣᠯ ᠵᠢᠷᠭᠠᠯᠲᠤ | ᠲᠥᠷᠥᠭᠳᠡᠯ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠰᠢᠭᠤᠳ ᠬᠤᠯᠪᠤᠭ᠎ᠠ ᠲᠠᠢ ᠶᠤᠮ᠃ ᠬᠤᠷᠸ᠎ᠠ | ᠳᠠᠪᠬᠤᠷᠭ᠎ᠠ ᠶᠢᠨ ᠵᠠᠳᠠᠯᠤᠯᠲᠠ ᠠᠴᠠ ᠦᠵᠡᠪᠡᠯ᠂ ᠳᠤᠷ᠎ᠠ ᠪᠠᠬ᠎ᠠ ᠲᠠᠢ ᠬᠥᠮᠥᠰ ᠤᠨ ᠬᠠᠷᠢᠴᠠᠯ ᠨᠢ ᠳᠡᠯᠡᠬᠡᠢ ᠶᠢᠨ ᠵᠣᠯ | ᠵᠢᠷᠭᠠᠯ ᠤᠨ ᠵᠢᠭᠠᠯᠲᠠ ᠲᠤᠭ᠎ᠠ ᠤᠨ ᠬᠤᠪᠢ᠂ GDP ᠪᠠᠷ ᠬᠡᠮᠵᠢᠬᠦ ᠤᠯᠤᠰ ᠤᠨ ᠡᠳ᠋ ᠪᠠᠶᠠᠯᠢᠭ ᠪᠠ ᠠᠷᠠᠳ | ᠲᠦᠮᠡᠨ ᠤ ᠵᠢᠱᠢᠭᠰᠡᠨ ᠨᠠᠰᠤᠨ ᠬᠤᠲᠤᠭ ᠨᠢ ᠡᠶᠡᠷᠭᠦ ᠬᠤᠯᠪᠤᠭ᠎ᠠ ᠲᠠᠢ ᠪᠠᠶᠢᠵᠤ᠂ ᠺᠢᠨ᠋ᠨᠢ ᠶᠢᠨ ᠵᠢᠭᠠᠯᠲᠠ ᠲᠤᠭ᠎ᠠ ᠲᠠᠢ | ᠰᠥᠭᠡᠷᠭᠦ ᠬᠤᠯᠪᠤᠭ᠎ᠠ ᠲᠠᠢ ᠪᠠᠶᠢᠳᠠᠭ᠃ |