1 ᠰᠠᠷ᠎ᠠ ᠶᠢᠨ 8 ᠤ ᠡᠳᠦᠷ᠂ ᠠᠪᠠᠭ᠎ᠠ ᠬᠤᠰᠢᠭᠤ 2025 ᠣᠨ ᠤ ︽ᠤᠮᠠᠷᠠᠲᠤ ᠬᠢᠯᠢ ᠶᠢᠨ ᠰᠣᠶᠣᠯ ᠤᠨ | ᠤᠳᠤᠮᠰᠢᠯ ᠢᠶᠠᠷ ᠴᠠᠭᠠᠨ ᠰᠠᠷ᠎ᠠ ᠪᠠᠨ ᠵᠠᠯᠭᠠᠮᠵᠢᠯᠠᠬᠤ︾ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ | ᠰᠠᠷ᠎ᠠ ᠶᠢᠨ ᠦᠵᠡᠭᠦᠯᠭᠡ ᠪᠣᠯᠪᠠ᠃ ᠵᠢᠯ ᠤᠨ ᠪᠠᠷᠠᠭᠠᠨ ᠤ ᠦᠵᠡᠭᠦᠯᠭᠡ ᠳᠤ ︽ᠴᠠᠭᠠᠨ ᠰᠠᠷ᠎ᠠ ᠶᠢᠨ ᠦᠨᠦᠷ ᠠᠮᠲᠠᠲᠤ︾ | ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ ᠤᠨ ᠢᠳᠡᠭᠡᠨ ᠤ ᠦᠵᠡᠭᠦᠯᠭᠡ ᠶᠢᠨ ᠲᠣᠭᠤᠷᠢᠭ᠂ ︽ᠵᠢᠯ ᠤᠨ ᠦᠨᠦᠷ | ᠠᠮᠲᠠᠲᠤ︾ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ ᠤᠨ ᠭᠠᠷ ᠤᠷᠠᠯᠠᠯ ᠤᠨ | ᠲᠣᠭᠤᠷᠢᠭ᠂ ︽ᠵᠢᠯ ᠤᠨ ᠦᠨᠦᠷ ᠠᠮᠲᠠᠲᠤ︾ ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ ᠤᠨ ᠬᠤᠪᠴᠠᠰᠤ | ᠵᠠᠰᠠᠯ ᠤᠨ ᠲᠣᠭᠤᠷᠢᠭ᠂ ︽ᠵᠢᠯ ᠤᠨ ᠦᠨᠦᠷ ᠠᠮᠲᠠᠲᠤ︾ ᠤᠯᠠᠮᠵᠢᠯᠠᠯᠲᠤ ᠪᠡᠶ᠎ᠡ ᠶᠢᠨ ᠲᠠᠮᠢᠷ ᠤᠨ ᠨᠠᠭᠠᠳᠤᠮ | ᠲᠣᠭᠯᠠᠭᠠᠮ ᠪᠠ ᠼᠢᠷᠺ ᠤᠨ ᠲᠥᠷᠥᠯ ᠤᠨ ᠦᠵᠡᠭᠦᠯᠭᠡ ᠶᠢᠨ ᠲᠣᠭᠤᠷᠢᠭ ᠵᠡᠷᠭᠡ ᠮᠠᠰᠢ ᠣᠯᠠᠨ ︽ᠰᠠᠶᠢᠬᠠᠨ | ᠦᠵᠡᠭᠰᠡᠨ︾᠂ ︽ᠠᠮᠲᠠᠲᠤ ᠢᠳᠡᠭᠡᠨ︾᠂ ︽ᠰᠠᠶᠢᠬᠠᠨ ᠨᠠᠭᠠᠳᠬᠤ︾ ᠣᠨᠴᠠᠯᠢᠭ ᠲᠠᠢ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠪᠠᠭᠲᠠᠵᠤ᠂ ᠪᠤᠳᠠᠰ ᠤᠨ ᠪᠤᠰᠤ ᠤᠯᠠᠮᠵᠢᠯᠠᠯᠲᠤ ᠠᠮᠲᠠᠲᠤ ᠢᠳᠡᠭᠡᠨ᠂ | ᠤᠷᠠᠯᠢᠭ ᠤᠨ ᠪᠦᠲᠦᠭᠡᠯ᠂ ᠤᠷᠠᠨ ᠵᠢᠷᠤᠭ ᠤᠨ ᠪᠦᠲᠦᠭᠡᠭᠳᠡᠬᠦᠨ ᠵᠡᠷᠭᠡ ᠣᠯᠠᠨ ᠲᠥᠷᠥᠯ ᠢ ᠬᠠᠮᠤᠷᠴᠤ᠂ ᠨᠡᠶᠢᠲᠡ 52 | ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠪᠠ ᠬᠤᠳᠠᠯᠳᠤᠭᠠᠨ ᠤ ᠡᠷᠦᠬᠡ ᠣᠷᠣᠯᠴᠠᠵᠤ᠂ ᠣᠯᠠᠨ | ᠲᠦᠮᠡᠨ ᠤ ᠠᠩᠬᠠᠷᠤᠯ ᠢ ᠲᠠᠲᠠᠵᠤ᠂ ᠡᠯ᠎ᠡ ᠦᠵᠡᠭᠦᠯᠭᠡ ᠶᠢᠨ ᠪᠠᠶᠢᠷᠢ ᠶᠢᠨ ᠳᠤᠮᠳᠠᠴᠢ ᠠᠷᠠᠯᠵᠢᠶᠠᠨ ᠤ ᠬᠡᠮᠵᠢᠶ᠎ᠡ | 1000 ᠲᠥᠭᠦᠷᠢᠭ ᠠᠴᠠ ᠳᠡᠭᠡᠭᠰᠢ ᠳᠤ ᠬᠦᠷᠦᠭᠰᠡᠨ ᠪᠠᠶᠢᠨ᠎ᠠ᠃ |