ᠨᠢᠭᠡ ᠳᠤ᠂ ᠢᠳᠡᠭᠡᠨ ᠣᠮᠳᠠᠭᠠᠨ ᠤ ᠠᠮᠤᠷ ᠲᠦᠪᠰᠢᠨ ᠤ ᠲᠠᠯ᠎ᠠ ᠪᠠᠷ᠂ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠨᠡᠶᠢᠲᠡ | 5920 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.09% ᠨᠡᠮᠡᠭᠳᠡᠪᠡ︔ ᠳᠠᠩᠰᠠᠯᠠᠭᠤᠯᠤᠭᠰᠠᠨ | ᠬᠥᠷᠥᠩᠭᠡ ︵ᠮᠥᠩᠭᠦ︶ 137.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 0.65% ᠪᠠᠷ ᠨᠡᠮᠡᠭᠳᠡᠪᠡ᠃ ᠡᠭᠦᠨ ᠤ ᠬᠠᠮᠲᠤ᠂ ᠢᠳᠡᠭᠡᠨ ᠣᠮᠳᠠᠭᠠᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠢ 143 ᠪᠦᠯᠦᠭ ᠤᠳᠠᠭ᠎ᠠ ᠥᠷᠨᠢᠭᠦᠯᠵᠦ᠂ ᠬᠢᠷᠢ ᠲᠡᠩᠴᠡᠭᠰᠡᠨ ᠨᠣᠷᠮ᠎ᠠ ᠨᠢ | 95.1% ᠪᠣᠯᠤᠨ᠎ᠠ︔ ᠢᠳᠡᠭᠡᠨ ᠣᠮᠳᠠᠭᠠᠨ ᠢ ᠲᠦᠷᠭᠡᠨ ᠰᠢᠯᠭᠠᠨ ᠪᠠᠶᠢᠴᠠᠭᠠᠬᠤ ᠠᠵᠢᠯ ᠢ 184 ᠪᠦᠯᠦᠭ | ᠤᠳᠠᠭ᠎ᠠ ᠦᠷᠨᠢᠭᠦᠯᠦᠨ᠂ ᠬᠢᠷᠢ ᠲᠡᠩᠴᠡᠭᠰᠡᠨ ᠨᠣᠷᠮ᠎ᠠ ᠨᠢ 98% ᠳᠤ ᠬᠥᠷᠪᠡ᠃ | ᠬᠤᠶᠠᠷ ᠲᠤ᠂ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠡᠮ ᠤᠨ ᠵᠦᠢᠯᠡᠰ ᠤᠨ | ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ | ᠡᠮ ᠤᠨ ᠵᠦᠢᠯᠡᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ᠂ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ | ᠣᠲᠣ ᠪᠣᠯᠲᠠᠯ᠎ᠠ᠂ ᠡᠮ ᠤᠨ ᠵᠦᠶ᠋ᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠬᠠᠤᠯᠢ ᠠᠴᠠ | ᠵᠥᠷᠢᠴᠡᠭᠰᠡᠨ 10 ᠬᠡᠷᠡᠭ ᠢ ᠪᠠᠶᠢᠴᠠᠭᠠᠨ ᠰᠢᠢᠳᠪᠦᠷᠢᠯᠡᠵᠦ᠂ 9 ᠬᠡᠷᠡᠭ ᠢ ᠳᠠᠭᠤᠰᠬᠠᠨ᠂ 0.6 ᠲᠦᠮᠡᠨ ᠲᠥᠭᠦᠷᠢᠭ | ᠲᠣᠷᠭᠠᠵᠤ ᠬᠤᠷᠢᠶᠠᠮᠵᠢᠯᠠᠪᠠ᠃ ᠡᠮ ᠤᠨ ᠵᠦᠢᠯᠡᠰ ᠢ ᠰᠤᠭᠤᠴᠢᠨ ᠪᠠᠶᠢᠴᠠᠭᠠᠬᠤ ᠠᠵᠢᠯ ᠢ 20 ᠪᠦᠯᠦᠭ ᠤᠳᠠᠭ᠎ᠠ | ᠪᠡᠶᠡᠯᠡᠭᠦᠯᠵᠦ᠂ ᠡᠮ ᠤᠨ ᠵᠦᠢᠯᠡᠰ ᠤᠨ ᠡᠷᠡᠭᠦᠯ ᠪᠤᠰᠤ ᠲᠤᠰᠬᠠᠯ 53 ᠵᠢᠱᠢᠶ᠎ᠡ᠂ ᠡᠮᠴᠢᠯᠡᠭᠡᠨ ᠤ ᠪᠠᠭᠠᠵᠢ | ᠬᠡᠷᠡᠭᠰᠡᠯ ᠤᠨ ᠡᠷᠡᠭᠦᠯ ᠪᠤᠰᠤ ᠬᠡᠷᠡᠭ 22 ᠪᠠᠶᠢᠵᠤ᠂ ᠵᠠᠰᠠᠯ ᠴᠢᠮᠡᠭ ᠤᠨ ᠡᠳ᠋ ᠤᠨ ᠡᠷᠡᠭᠦᠯ ᠪᠤᠰᠤ ᠲᠤᠰᠬᠠᠯ 6 | ᠪᠠᠶᠢᠬᠤ ᠶᠢ ᠴᠤᠭᠯᠠᠭᠤᠯᠤᠨ ᠳᠡᠭᠡᠭᠰᠢ ᠮᠡᠳᠡᠭᠦᠯᠪᠡ᠃ | ᠭᠤᠷᠪᠠ ᠳᠤ᠂ ᠦᠢᠯᠡᠳᠬᠦᠨ ᠤ ᠶᠠᠰᠤ ᠴᠢᠨᠠᠷ ᠤᠨ ᠲᠠᠯ᠎ᠠ ᠪᠠᠷ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ | ᠴᠢᠨᠠᠷ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠠᠵᠢᠯ ᠢ ᠨᠡᠶᠢᠲᠡ 29 ᠲᠥᠷᠥᠯ | ᠵᠦᠢᠯ 34 ᠪᠦᠯᠦᠭ ᠤᠳᠠᠭ᠎ᠠ ᠥᠷᠨᠢᠭᠦᠯᠪᠡ᠃ ᠰᠤᠭᠤᠴᠢᠨ ᠪᠠᠶᠢᠴᠠᠭᠠᠯᠲᠠ ᠳᠤ ᠬᠢᠷᠢ ᠳᠡᠩᠴᠡᠭᠰᠡᠨ ᠪᠠᠶᠢᠳᠠᠯ ᠢ 2 | ᠣᠳᠠᠭ᠎ᠠ ᠰᠢᠢᠳᠪᠦᠷᠢᠯᠡᠵᠦ ᠳᠠᠩᠰᠠᠯᠠᠭᠤᠯᠪᠠ᠃ | ᠲᠦᠷᠪᠡ ᠳᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠲᠠᠯ᠎ᠠ ᠪᠠᠷ᠂ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠤᠨ ᠲᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ | ᠶᠡᠬᠡᠪᠡᠷ ᠴᠡᠭᠴᠡᠯᠡᠨ ᠵᠠᠰᠠᠬᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠵᠡᠷᠭᠡ ᠠᠵᠢᠯ ᠢ ᠥᠷᠨᠢᠭᠦᠯᠵᠦ᠂ ᠣᠨᠴᠠ | ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠬᠢᠨᠠᠯᠲᠠ ᠲᠠᠯᠪᠢᠵᠤ ᠪᠠᠶᠢᠴᠠᠭᠠᠬᠤ | ᠡᠷᠴᠢᠮ ᠢᠴᠢᠩᠭᠠᠷᠠᠭᠤᠯᠤᠨ᠂ 1 ᠬᠡᠷᠡᠭ ᠢ ᠬᠡᠷᠡᠭ ᠪᠣᠯᠭᠠᠨ ᠳᠡᠩᠰᠡᠯᠡᠵᠦ᠂ 4.5 ᠲᠦᠮᠡᠨ ᠲᠥᠭᠦᠷᠢᠭ ᠤᠨ ᠠᠵᠤ | ᠠᠬᠤᠢ ᠶᠢᠨ ᠰᠢᠳᠬᠡᠯ ᠥᠭᠪᠡ᠃ |