ᠨᠢᠭᠡ ᠳᠤ᠂ ᠮᠠᠯ ᠠᠵᠤ ᠠᠬᠤᠶ ᠶᠢᠨ ᠪᠦᠳᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ︽ᠮᠢᠬ᠎ᠠ᠂ | ᠰᠦ᠂ ᠠᠳᠤᠭᠤ᠂ ᠡᠪᠡᠰᠦ︾ ᠳᠥᠷᠪᠡᠨ ᠶᠡᠭᠡ ᠣᠨᠴᠠᠯᠢᠭᠲᠤ ᠠᠵᠤ ᠦᠢᠯᠡᠰ ᠤᠨ ᠰᠠᠶᠢᠨ ᠡᠭᠦᠯᠳᠡᠷᠵᠢᠭᠦᠯᠬᠦ᠂ | ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ ᠬᠥᠭᠵᠢᠯᠲᠡ ᠶᠢ ᠭᠤᠤᠯᠳᠠᠯᠭ᠎ᠠ ᠲᠠᠢ | ᠠᠬᠢᠭᠤᠯᠵᠤ᠂ ᠮᠢᠬᠠᠨ ᠤ ᠦᠬᠡᠷ ᠮᠢᠬᠠᠨ ᠤ ᠬᠤᠨᠢ ᠶᠢ ᠡᠭᠦᠯᠳᠡᠷ ᠰᠠᠶᠢᠵᠢᠷᠠᠭᠤᠯᠬᠤ ᠬᠤᠪᠢ ᠶᠢᠨ ᠵᠢᠩ ᠢ 97. | 3% ᠳᠤ ᠬᠦᠷᠭᠡᠵᠦ᠂ ︽ᠡᠷᠦᠬᠡ ᠳᠤ ᠦᠷᠡᠵᠢᠭᠦᠯᠬᠦ᠂ ᠠᠵᠤ ᠠᠬᠤᠶᠢᠯᠠᠯ ᠳᠤ ᠪᠣᠶᠢᠵᠢᠭᠤᠯᠬᠤ᠂ | ᠳᠠᠬᠢᠨ ᠡᠳ᠋ᠰᠢᠭᠦᠯᠬᠦ︾ ᠡᠵᠡᠩᠨᠡᠯᠲᠡ ᠶᠢᠨ ᠵᠠᠭᠪᠤᠷ ᠢ ᠪᠠᠶᠢᠭᠤᠯᠤᠨ᠂ ᠡᠷᠳᠡᠨᠢ ᠢᠳᠡᠭᠡᠨ ᠤ ᠺᠣᠮᠫᠠᠨᠢ ︽ᠵᠠᠬ᠎ᠠ | ᠳᠡᠯᠭᠡᠭᠦᠷ ᠤᠨ ᠦᠨ᠎ᠡ+ 1.5 ᠲᠥᠭᠦᠷᠢᠭ / ᠺᠢᠯᠣᠭ᠍ᠷᠠᠮ︾ ᠪᠠᠷᠢᠮᠵᠢᠶ᠎ᠠ ᠪᠠᠷ 14 ᠲᠦᠮᠡᠨ ᠬᠤᠨᠢ ᠶᠢ ᠬᠤᠳᠠᠯᠳᠤᠨ | ᠠᠪᠤᠪᠠ᠃ | ᠬᠤᠶᠠᠷ ᠲᠤ᠂ ᠠᠳᠣᠭᠤᠨ ᠤ ᠠᠵᠣ ᠣᠶᠢᠯᠠᠰ ᠢ ᠲᠣᠭᠳᠠᠭᠤᠨ ᠪᠠᠶᠢᠯᠭᠠᠨ᠎ᠠ᠃ 6 ᠰᠠᠭᠤᠷᠢ ᠪᠠᠷᠢᠮᠵᠢᠶᠠᠵᠢᠭᠰᠠᠨ | ᠴᠡᠭᠡ ᠰᠠᠭᠠᠬᠤ ᠦᠷᠲᠡᠭᠡ ᠶᠢ ᠰᠢᠨ᠎ᠡ ᠪᠠᠷ ᠪᠠᠶᠢᠭᠤᠯᠵᠤ᠂ ᠵᠢᠷᠭᠠᠯᠠᠩᠲᠤ ᠭᠡᠭᠦᠤ ᠰᠠᠭᠠᠯᠢ ᠶᠢᠨ ᠦᠢᠯᠡᠳᠪᠦᠷᠢ | ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠴᠡᠭᠡ ᠶᠢᠨ ᠳᠤᠮᠳᠠᠴᠢ ᠦᠨ᠎ᠡ ᠨᠢ 10%-20% ᠶᠢᠨ ᠦᠨ᠎ᠡ | ᠥᠰᠦᠭᠰᠡᠨ ᠨᠡᠮᠡᠭᠳᠡᠯ ᠤᠨ ᠬᠡᠮᠵᠢᠶ᠎ᠡ ᠶᠢ ᠪᠡᠶᠡᠯᠡᠭᠦᠯᠪᠡ︔ ᠴᠠᠭᠠᠨ ᠢᠳᠡᠭᠡᠨ ᠡᠳ᠋ᠰᠢᠭᠦᠯᠬᠦ ᠵᠢᠵᠢᠭ ᠦᠢᠯᠡᠳᠭᠡᠯ ᠤᠨ | ᠭᠠᠵᠠᠷ 8 ᠡᠷᠦᠬᠡ᠂ ᠲᠦᠭᠦᠬᠡᠢ ᠰᠦ ᠪᠠ ᠴᠠᠭᠠᠨ ᠢᠳᠡᠭᠡᠨ ᠤ ᠭᠠᠷᠤᠯᠲᠠ ᠨᠢ ᠲᠤᠰ ᠲᠤᠰ 6 ᠲᠦᠮᠡᠨ ᠲᠣᠨ ᠪᠠ | 2000 ᠲᠣᠨ ᠢ ᠳᠠᠪᠠᠪᠠ︔ ᠠᠪᠠᠭ᠎ᠠ ᠬᠤᠰᠢᠭᠤᠨ ᠤ ᠬᠠᠷ᠎ᠠ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ᠂ | ᠡᠭᠦᠯᠳᠡᠷ ᠬᠠᠮᠠᠭᠠᠯᠠᠬᠤ ᠡᠷᠦᠬᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠪᠠᠭ᠎ᠠ ᠬᠤᠰᠢᠭᠤᠨ ᠤ ︽ᠥᠪᠡᠷᠲᠡᠭᠡᠨ | ᠵᠠᠰᠠᠬᠤ ᠣᠷᠣᠨ ᠤ ᠲᠠᠰ ᠤᠨ ᠡᠭᠦᠯᠳᠡᠷ ᠬᠠᠮᠠᠭᠠᠯᠠᠬᠤ ᠲᠠᠯᠠᠪᠠᠢ︾ ᠪᠠᠷ ᠦᠨᠡᠯᠡᠭᠳᠡᠪᠡ᠃ | ᠭᠤᠷᠪᠠ ᠳᠤ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠠᠵᠤ ᠦᠢᠯᠡᠰ ᠢ ᠬᠥᠭᠵᠢᠭᠦᠯᠦᠨ᠎ᠡ᠃ ᠣᠷᠣᠨ | ᠨᠤᠲᠤᠭ ᠤᠨ ᠬᠤᠯᠢᠮᠠᠭ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢ 15 ᠪᠠᠶᠢᠭᠤᠯᠵᠤ᠂ ᠵᠢᠯ ᠤᠨ | ᠦᠢᠯᠡᠳᠪᠦᠷᠢᠯᠡᠯ ᠤᠨ ᠴᠢᠳᠠᠪᠤᠷᠢ 17 ᠲᠦᠮᠡᠨ ᠲᠣᠨ ᠳᠤ ᠬᠦᠷᠪᠡ︔ ︽ᠮᠠᠯ ᠪᠡᠯᠴᠢᠭᠡᠷ ᠢ ᠨᠢᠭᠡ ᠴᠣᠭᠴᠠᠵᠢᠭᠤᠯᠬᠤ︾ | ᠲᠥᠷᠥᠯ ᠵᠦᠢᠯ 90% ᠠᠴᠠ ᠳᠡᠭᠡᠭᠰᠢᠬᠢ ᠶᠢ ᠪᠡᠶᠡᠯᠡᠭᠦᠯᠵᠦ᠂ 2 ᠲᠦᠮᠡᠨ ᠮᠥ ᠬᠢᠶᠠᠭ ᠡᠪᠡᠰᠦ ᠲᠠᠷᠢᠪᠠ︔ 7.7 | ᠲᠦᠮᠡᠨ ᠲᠣᠨ ᠪᠠᠶᠢᠭᠠᠯᠢ ᠶᠢᠨ ᠡᠪᠡᠰᠦ ᠬᠠᠳᠤᠵᠤ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ | 2 ᠲᠦᠮᠡᠨ ᠲᠣᠨ ᠨᠥᠭᠡᠴᠡᠯᠡᠪᠡ᠃ | ᠳᠥᠷᠪᠡ ᠳᠤ᠂ ᠣᠷᠣᠨ ᠨᠤᠲᠤᠭ ᠤᠨ ᠣᠨᠴᠠᠯᠢᠭᠲᠤ ᠦᠢᠯᠡᠳᠬᠦᠨ ᠤ ᠲᠦᠷᠦᠯ ᠲᠡᠮᠳᠡᠭ ᠤᠨ ᠪᠠᠶᠢᠭᠤᠯᠤᠯᠲᠠ | ᠵᠢᠴᠢ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠥᠯ ᠴᠠᠭᠠᠨ ᠨᠠᠭᠤᠷ ᠤᠨ ᠬᠡᠯᠳᠡᠭᠡ ᠵᠢᠭᠠᠰᠤ᠂ | ᠴᠠᠭᠠᠯᠳᠠᠢ ᠵᠢᠭᠠᠰᠤ ᠵᠡᠷᠭᠡ 2 ᠵᠦᠢᠯ ᠤᠨ ᠪᠦᠲᠦᠭᠡᠭᠳᠡᠬᠦᠨ 2024 ᠣᠨ ᠤ ᠬᠤᠶᠠᠳᠤᠭᠠᠷ ᠪᠦᠯᠦᠭ ᠤᠨ ᠪᠥᠬᠦ | ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠰᠣᠩᠭᠤᠭᠳᠠᠵᠤ᠂ ᠠᠪᠠᠭ᠎ᠠ | ᠠᠵᠢᠷᠭ᠎ᠠ᠂ ᠠᠪᠠᠭ᠎ᠠ ᠴᠡᠭᠡ᠂ ᠤᠷᠢᠶᠠᠩᠬᠠᠶ ᠬᠤᠨᠢ᠂ ᠤᠷᠢᠶᠠᠩᠬᠠᠶ ᠬᠤᠨᠢᠨ ᠮᠢᠬ᠎ᠠ᠂ ᠠᠪᠠᠭ᠎ᠠ ᠴᠤᠭᠤᠷ ᠵᠡᠷᠭᠡ 5 | ᠵᠦᠢᠯ ᠤᠨ ᠪᠦᠲᠦᠭᠡᠭᠳᠡᠬᠦᠨ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠤᠭᠤᠴᠠᠭ᠎ᠠ ᠶᠢ | ᠤᠷᠳᠤᠳᠬᠠᠨ ᠰᠢᠯᠭᠠᠷᠠᠭᠤᠯᠤᠯᠲᠠ ᠶᠢ ᠤᠷᠤᠭᠰᠢᠲᠠᠶ ᠥᠩᠭᠡᠷᠡᠭᠦᠯᠵᠦ᠂ ᠠᠪᠠᠭ᠎ᠠ ᠬᠤᠰᠢᠭᠤ ᠨᠢ ᠪᠥᠬᠦ ᠣᠷᠣᠨ ᠤ | ᠠᠩᠬᠠᠳᠠᠭᠴᠢ ︽ᠤᠯᠤᠰ ᠤᠨ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠣᠷᠣᠨ︾ | ᠢᠶᠠᠷ ᠦᠨᠡᠯᠡᠭᠳᠡᠪᠡ᠃ |