ᠠᠪᠠᠭ᠎ᠠ ᠬᠤᠰᠢᠭᠤ ᠣᠯᠠᠨ ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢᠨ ᠶᠠᠰᠤ ᠴᠢᠨᠠᠷ ᠳᠡᠭᠡᠭᠰᠢᠯᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/2/25
     ᠠᠪᠠᠭ᠎ᠠ ᠬᠤᠰᠢᠭᠤ ᠳᠥᠷᠪᠡᠨ ᠲᠠᠯ᠎ᠠ ᠪᠠᠷ ᠬᠦᠴᠦᠯᠡᠨ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ ᠨᠢᠭᠡ ᠳᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ᠃ ᠣᠲᠣ ᠦᠶ᠎ᠡ ᠶᠢᠨ ᠰᠢᠨ᠎ᠡ ᠡᠨᠧᠷᠭᠢ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢᠨ ᠲᠣᠭᠤᠷᠢᠨ ᠳᠤ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠴᠣᠭᠴᠠ ᠶᠢᠨ ᠬᠤᠳᠠᠯᠳᠤᠭᠠᠨ ᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠰᠢᠨ᠎ᠡ ᠶᠢ ᠡᠭᠦᠳᠬᠦ ᠴᠢᠨᠠᠷᠲᠠᠶ 2 ᠳᠤᠮᠳᠠ ᠵᠢᠵᠢᠭ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠵᠤ᠂ 300 ᠭᠠᠷᠤᠢ ᠠᠵᠢᠯ ᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠂ ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 400 ᠭᠠᠷᠤᠢ ᠨᠡᠭᠡᠭᠡᠪᠡ᠃ ᠬᠤᠶᠠᠷ ᠲᠤ᠂ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠣᠨᠴᠠᠯᠢᠭᠲᠤ ᠴᠠᠭᠠᠨ ᠢᠳᠡᠭᠡᠨ ᠡᠳ᠋ᠰᠢᠭᠦᠯᠬᠦ ᠦᠢᠯᠡᠳᠬᠡᠯ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠬᠤᠷᠰᠢᠶᠠᠵᠢᠯ ᠵᠡᠷᠭᠡ ᠶᠢ ᠬᠥᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ 2 ᠠᠴᠠ ᠳᠡᠭᠡᠭᠰᠢ᠂ ︽ᠵᠢᠵᠢᠭ ᠪᠢᠴᠢᠯ ᠠᠵᠤ ᠠᠬᠤᠶᠢᠯᠠᠯ ᠢ ᠲᠡᠰ ᠳᠡᠪᠰᠢᠭᠦᠯᠬᠦ︾ ᠶᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠪᠣᠯᠪᠠᠰᠤᠷᠠᠭᠤᠯᠤᠨ ᠠᠵᠢᠯ ᠣᠯᠭᠤᠬᠤ ᠤᠳᠤᠷᠢᠳᠤᠮᠵᠢ ᠶᠢ ᠴᠢᠩᠭᠠᠳᠬᠠᠵᠤ᠂ ᠬᠤᠰᠢᠭᠤᠨ ᠤ ᠭᠠᠳᠠᠨᠠᠬᠢ ᠰᠢᠯᠢᠳᠡᠭ ᠪᠣᠯᠪᠠᠰᠤᠷᠠᠭᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠪᠥᠬᠦ ᠬᠤᠰᠢᠭᠤᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠡᠪᠴᠢᠶ᠎ᠡ ᠶᠢ 400 ᠬᠥᠮᠦᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠣᠯᠪᠠᠰᠤᠷᠠᠭᠤᠯᠤᠯ ᠤᠨ ᠳᠠᠷᠠᠭᠠᠬᠢ 6 ᠰᠠᠷ᠎ᠠ ᠶᠢᠨ ᠳᠣᠲᠣᠷ᠎ᠠ᠂ 1 ᠵᠢᠯ ᠵᠢᠴᠢ ᠲᠡᠭᠦᠨ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠪᠠᠯ᠂ ᠬᠢᠴᠢᠶᠡᠯ ᠤᠨ ᠴᠠᠭ ᠤᠨ ᠰᠠᠭᠤᠷᠢ ᠪᠠᠷᠢᠮᠵᠢᠶ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ 50% ᠪᠠᠷ ᠳᠡᠭᠡᠭᠰᠢᠯᠡᠭᠦᠯᠦᠨ᠎ᠡ᠃ ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠴᠢᠩᠭᠠᠷᠠᠭᠤᠯᠤᠨ᠎ᠠ᠃ ᠠᠳᠠᠯ ᠦᠢᠯᠡᠰ ᠴᠣᠭᠴᠠᠯᠠᠬᠤ ᠳᠠᠭᠠᠭᠠᠨ ᠪᠠᠲᠤᠯᠠᠯᠲᠠ ᠲᠠᠢ ᠵᠢᠭᠡᠯᠡᠯᠭᠡ ᠲᠠᠯᠪᠢᠬᠤ ᠬᠡᠪᠴᠢᠶ᠎ᠡ ᠶᠢ ᠥᠷᠭᠡᠳᠬᠡᠨ᠂ ᠣᠯᠠᠨ ᠨᠡᠶᠢᠲᠡ ᠶᠢᠨ ᠠᠵᠢᠯ ᠤᠨ ᠪᠠᠶᠢᠷᠢ ᠶᠢᠨ ᠡᠯᠰᠡᠨ ᠬᠡᠷᠡᠭᠯᠡᠬᠦ ︵ᠤᠷᠢᠬᠤ︶ ᠬᠡᠪᠴᠢᠶ᠎ᠡ ᠶᠢ ᠲᠣᠭᠲᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠨ ᠪᠠᠲᠤᠯᠠᠯᠲᠠ ᠲᠠᠢ ᠵᠢᠭᠡᠯᠡᠯᠭᠡ ᠲᠠᠯᠪᠢᠬᠤ ᠬᠡᠪᠴᠢᠶ᠎ᠡ ᠶᠢ 300 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠠᠵᠢᠯ ᠦᠢᠯᠡᠰ ᠤᠨ ᠣᠷᠣᠨ ᠲᠤᠭ᠎ᠠ ᠶᠢᠨ ᠶᠡᠷᠦᠩᠬᠡᠶ ᠬᠡᠷᠡᠭᠯᠡᠯᠲᠡ ᠶᠢᠨ ᠨᠣᠷᠮ᠎ᠠ ᠶᠢ 95% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号