2025 ᠣᠨ ᠳᠤ᠂ ᠠᠪᠠᠭ᠎ᠠ ᠬᠤᠰᠢᠭᠤ ᠨᠢ 500 ᠲᠦᠮᠡᠨ ᠲᠥᠭᠦᠷᠢᠭ ᠠᠴᠠ ᠳᠡᠭᠡᠭᠰᠢᠬᠢ | ᠭᠤᠤᠯᠳᠠᠯᠭ᠎ᠠ ᠲᠠᠢ ᠲᠥᠷᠥᠯ ᠵᠦᠢᠯ ᠢ ᠨᠡᠶᠢᠲᠡ 54 ᠶᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ | ᠣᠷᠣᠭᠤᠯᠤᠯᠲᠠ ᠨᠢ 212.06 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 57.5 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ ᠠᠶᠢᠮᠠᠭ ᠤᠨ ᠲᠠᠰ ᠤᠨ | ᠭᠤᠤᠯᠳᠠᠯᠭ᠎ᠠ ᠲᠠᠢ ᠲᠥᠷᠥᠯ ᠵᠦᠢᠯ 19 ᠪᠠᠶᠢᠵᠤ᠂ ᠵᠢᠯ ᠳᠤ 56.23 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠥᠷᠥᠯ ᠵᠦᠢᠯ ᠨᠢ ᠰᠢᠨ᠎ᠡ ᠡᠨᠧᠷᠭᠢ᠂ ᠴᠠᠬᠢᠯᠭᠠᠨ | ᠲᠣᠤᠷ ᠤᠨ ᠲᠥᠷᠥᠯ ᠵᠦᠢᠯ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠤᠰᠤ᠂ ᠨᠡᠶᠢᠭᠡᠮ ᠤᠨ ᠦᠢᠯᠡᠰ᠂ | ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠵᠠᠮ ᠬᠠᠷᠢᠯᠴᠠᠭ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠵᠡᠷᠭᠡ ᠣᠯᠠᠨ ᠬᠦᠷᠢᠶᠡᠨ ᠤ ᠲᠣᠭᠤᠷᠢᠨ ᠳᠤ ᠰᠢᠨ᠎ᠡ ᠡᠨᠧᠷᠭᠢ ᠶᠢᠨ ᠲᠥᠷᠥᠯ ᠵᠦᠢᠯ ᠨᠢ ᠪᠠᠯᠠ | ᠣᠷᠣᠭᠤᠯᠤᠯᠲᠠ ᠶᠢᠨ ᠶᠡᠷᠦᠩᠬᠡᠶ ᠲᠤᠭ᠎ᠠ ᠶᠢᠨ 82.81% ᠶᠢ ᠡᠵᠡᠯᠡᠪᠡ᠃ |