2 ᠰᠠᠷ᠎ᠠ ᠶᠢᠨ 18 ᠤ ᠡᠳᠦᠷ᠂ ᠠᠪᠠᠭ᠎ᠠ ᠬᠤᠰᠢᠭᠤᠨ ᠤ ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨᠠᠨ ᠬᠠᠷᠭᠤᠭᠤᠯᠤᠯᠲᠠ ᠪᠠᠷ ᠳᠡᠮᠵᠢᠨ ᠲᠠᠰ ᠳᠡᠪᠰᠢᠬᠦ ᠶᠢ | ᠠᠮᠵᠢᠯᠲᠠ ᠲᠠᠢ ᠪᠡᠶᠡᠯᠡᠭᠦᠯᠪᠡ᠃ 2024 ᠣᠨ ᠳᠤ ᠠᠵᠤ ᠠᠬᠤᠶᠢᠯᠠᠯ ᠨᠡᠶᠢᠲᠡ 53149 ᠬᠤᠨᠢ ᠨᠢᠳᠤᠯᠤᠨ | ᠪᠣᠯᠪᠠᠰᠤᠷᠠᠭᠤᠯᠵᠤ᠂ 1447 ᠦᠬᠡᠷ ᠨᠢᠳᠤᠯᠠᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ | 46% ᠪᠠᠷ ᠨᠡᠮᠡᠭᠳᠡᠪᠡ︔ 4684 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 53% ᠪᠠᠷ ᠨᠡᠮᠡᠭᠳᠡᠨ᠂ ᠠᠯᠬᠤᠮ ᠠᠯᠬᠤᠮ ᠢᠶᠠᠷ ᠲᠣᠭᠲᠠᠭᠤᠨ ᠢᠶᠠᠷ ᠬᠥᠭᠵᠢᠬᠦ ᠶᠢ | ᠪᠡᠶᠡᠯᠡᠭᠦᠯᠪᠡ᠃ ᠡᠨᠡ ᠵᠢᠯ ᠠᠵᠤ ᠠᠬᠤᠶᠢᠯᠠᠯ 5000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ | ᠪᠡᠶᠡᠯᠡᠭᠦᠯᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ | ᠥᠷᠲᠡᠭ ᠢ 1 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ | ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠪᠣᠯᠬᠤ ᠪᠣᠯᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠪᠠᠰᠠ ᠤᠷᠢᠳᠴᠢᠯᠠᠨ ᠬᠢᠭᠰᠡᠨ | ᠲᠦᠭᠦᠮ ᠨᠣᠭᠤᠭ᠎ᠠ ᠬᠢᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠣᠰ ᠪᠡᠶ᠎ᠡ ᠶᠢᠨ ᠠᠵᠤ | ᠦᠢᠯᠡᠰ ᠤᠨ ᠬᠡᠯᠬᠢᠶ᠎ᠡ ᠪᠠᠨ ᠤᠯᠠᠮ ᠨᠢᠭᠡ ᠠᠯᠬᠤᠮ ᠤᠷᠲᠤᠳᠬᠠᠵᠤ᠂ ᠪᠥᠬᠦ ᠬᠤᠰᠢᠭᠤᠨ ᠤ ᠮᠠᠯ ᠤᠨ ᠠᠰᠢᠭ | ᠰᠢᠮ᠎ᠡ ᠶᠢᠨ ᠨᠠᠷᠢᠯᠢᠭ ᠡᠳ᠋ᠰᠢᠭᠦᠯᠬᠦ ᠴᠢᠳᠠᠪᠤᠷᠢ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ | |