ᠠᠵᠤ ᠠᠬᠤᠶᠢᠯᠠᠯ ᠤᠨ ᠤᠰᠤ ᠲᠠᠲᠠᠬᠤ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠣᠨᠣᠪᠴᠢᠲᠠᠶ | ᠡᠵᠡᠮᠰᠢᠵᠦ᠂ ᠤᠰᠤ ᠲᠠᠲᠠᠵᠤ ᠬᠡᠷᠡᠭᠯᠡᠭᠰᠡᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠤᠰᠤ ᠲᠠᠲᠠᠬᠤ | ᠢᠨᠵᠧᠨᠧᠷᠢᠩ ᠤᠨ ᠬᠠᠤᠯᠢ ᠲᠣᠭᠲᠠᠭᠠᠯ ᠶᠣᠰᠣᠭᠠᠷ ᠤᠰᠤ ᠲᠠᠲᠠᠬᠤ ᠶᠢ ᠪᠠᠲᠤᠯᠠᠵᠤ᠂ ᠤᠰᠤᠨ ᠤ ᠡᠬᠢ ᠪᠠᠶᠠᠯᠢᠭ ᠢ | ᠵᠦᠶ ᠵᠣᠬᠢᠰᠲᠠᠶ ᠠᠰᠢᠭᠯᠠᠬᠤ ᠶᠢᠨ ᠲᠥᠯᠥᠭᠡ᠂ 2 ᠰᠠᠷ᠎ᠠ ᠶᠢᠨ 17 ᠤ ᠡᠳᠦᠷ᠂ ᠠᠪᠠᠭ᠎ᠠ ᠬᠤᠰᠢᠭᠤᠨ ᠤ ᠣᠶ | ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠶᠢᠨ ᠲᠣᠪᠴᠢᠶ᠎ᠠ ᠤᠰᠤ ᠲᠠᠲᠠᠬᠤ ᠢᠨᠵᠧᠨᠧᠷᠢᠩ ᠤᠨ ᠬᠢᠨᠠᠨ | ᠰᠢᠯᠭᠠᠬᠤ ᠠᠵᠢᠯ ᠥᠷᠨᠢᠭᠦᠯᠪᠡ᠃ | 2 ᠰᠠᠷ᠎ᠠ ᠶᠢᠨ 17 ᠤ ᠡᠳᠦᠷ᠂ ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠪᠠ ᠤᠰᠤᠨ | ᠠᠰᠢᠭᠯᠠᠯᠲᠠ ᠶᠢᠨ ᠲᠣᠪᠴᠢᠶ᠎ᠠ ᠠᠪᠠᠭ᠎ᠠ ᠬᠤᠰᠢᠭᠤᠨ ᠤ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠰᠢᠨ᠎ᠡ | ᠡᠨᠧᠷᠭᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠠᠪᠠᠭ᠎ᠠ ᠬᠤᠰᠢᠭᠤᠨ ᠤ 150MW/300MWh | ᠬᠠᠮᠲᠤᠪᠠᠷ ᠡᠳ᠋ᠯᠡᠬᠦ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠠᠮᠢᠳᠤᠷᠠᠯ ᠳᠤ ᠬᠡᠷᠡᠭᠯᠡᠬᠦ | ᠬᠤᠳᠳᠤᠭ ᠤᠨ ᠬᠢᠨᠡᠨ ᠬᠡᠮᠵᠢᠯᠲᠡ ᠶᠢᠨ ᠲᠥᠬᠦᠭᠡᠷᠦᠮᠵᠢ ᠳᠤ ᠤᠰᠤ ᠠᠪᠬᠤ ᠢᠨᠵᠧᠨᠧᠷᠢᠩ ᠤᠨ ᠲᠤᠬᠠᠶ ᠶᠢᠨ | ᠲᠠᠯᠠᠪᠤᠷ ᠤᠨ ᠬᠢᠨᠠᠨ ᠬᠡᠮᠵᠢᠯᠳᠠ ᠬᠢᠪᠠ᠃ ᠬᠠᠷᠭᠤᠭᠤᠯᠤᠨ ᠪᠠᠶᠢᠴᠠᠭᠠᠬᠤ ᠶᠠᠪᠤᠴᠠ ᠳᠤ ᠬᠢᠨᠡᠨ ᠬᠡᠮᠵᠢᠯᠲᠡ ᠶᠢᠨ | ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠤᠰᠤ ᠶᠢ ᠠᠷᠪᠢᠯᠠᠵᠤ ᠬᠡᠷᠡᠭᠯᠡᠭᠰᠡᠨ᠂ ᠤᠰᠤ ᠶᠢ ᠲᠠᠲᠠᠵᠤ | ᠬᠡᠷᠡᠭᠯᠡᠭᠰᠡᠨ ᠲᠣᠭᠲᠠᠭᠠᠯ ᠳᠤ ᠨᠡᠶᠢᠴᠡᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ | ᠤᠰᠤ ᠲᠠᠲᠠᠬᠤ ᠪᠠᠷᠢᠯᠭ᠎ᠠ ᠶᠢᠨ ᠲᠤᠬᠠᠶ ᠶᠢᠨ ᠭᠠᠵᠠᠷ ᠲᠤᠨᠢ ᠬᠢᠨᠠᠨ ᠰᠢᠯᠭᠠᠬᠤ ᠠᠵᠢᠯ ᠢᠶᠠᠷ ᠳᠠᠮᠵᠢᠭᠤᠯᠤᠨ᠂ | ᠤᠰᠤ ᠲᠠᠳᠠᠵᠤ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠲᠠᠲᠠᠬᠤ | ᠵᠥᠪᠰᠢᠶᠡᠷᠡᠯ ᠤᠨ ᠦᠨᠡᠮᠯᠡᠯ ᠣᠯᠭᠤᠬᠤ ᠳᠤ ᠪᠦᠲᠦᠮᠵᠢᠲᠡᠶ ᠦᠨᠳᠦᠰᠦᠯᠡᠯ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠶᠢᠨ ᠲᠣᠪᠴᠢᠶ᠎ᠠ | ᠤᠰᠤ ᠲᠠᠳᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ |