ᠣᠶᠢᠷ᠎ᠠ ᠳᠤ᠂ ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠶᠢᠨ | ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠵᠤ᠂ 2024 ᠣᠨ ᠤ ᠨᠢᠭᠡᠳᠦᠭᠡᠷ ᠬᠤᠭᠤᠴᠠᠭ᠎ᠠ᠂ ᠬᠤᠶᠠᠳᠤᠭᠠᠷ | ᠬᠤᠭᠤᠴᠠᠭᠠᠨ ᠤ ᠬᠥᠷᠥᠰᠥ ᠰᠢᠷᠣᠶ ᠶᠢ ᠬᠠᠮᠠᠭᠠᠯᠠᠬᠤ ᠠᠯᠤᠰ ᠡᠵᠡᠮᠰᠢᠯ ᠤᠨ ᠬᠢᠨᠠᠯᠲᠠ ᠬᠠᠮᠢᠶᠠᠷᠤᠯᠲᠠ ᠶᠢᠨ ᠵᠢᠷᠤᠭ ᠤᠨ | ᠲᠣᠯᠪᠤ ᠶᠢ ᠳᠠᠬᠢᠨ ᠬᠢᠨᠠᠬᠤ ᠠᠵᠢᠯ ᠢ ᠵᠣᠬᠢᠶᠠᠨ ᠪᠠᠶᠢᠭᠤᠯᠪᠠ᠃ | ᠲᠣᠰ ᠵᠢᠯ ᠳᠤ᠂ ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠠᠪᠠᠭ᠎ᠠ ᠬᠤᠰᠢᠭᠤᠨ ᠤ 17 ᠬᠥᠷᠥᠰᠥ ᠰᠢᠷᠣᠶ ᠶᠢ ᠬᠠᠮᠠᠭᠠᠯᠠᠬᠤ ᠠᠯᠤᠰ ᠡᠵᠡᠮᠰᠢᠯ ᠤᠨ | ᠬᠢᠨᠠᠯᠲᠠ ᠬᠠᠮᠢᠶᠠᠷᠤᠯᠲᠠ ᠶᠢᠨ ᠵᠢᠷᠤᠭ ᠢ ᠪᠠᠭᠤᠯᠭᠠᠵᠤ᠂ ᠡᠭᠦᠨ ᠳᠤ ᠨᠢᠭᠡᠳᠦᠭᠡᠷ ᠬᠤᠭᠤᠴᠠᠭ᠎ᠠ ᠨᠢ 14᠂ | ᠬᠤᠶᠠᠳᠤᠭᠠᠷ ᠬᠤᠭᠤᠴᠠᠭ᠎ᠠ ᠨᠢ 3 ᠪᠣᠶ᠃ | ᠳᠠᠬᠢᠨ ᠬᠢᠨᠠᠬᠤ ᠶᠠᠪᠤᠴᠠ ᠳᠤ᠂ ᠠᠵᠢᠯᠲᠠᠳ ︽ᠠᠯᠤᠰ ᠡᠵᠡᠮᠰᠢᠯ ᠤᠨ ᠬᠢᠨᠠᠨ ᠬᠠᠮᠢᠶᠠᠷᠬᠤ ᠰᠢᠰᠲ᠋ᠧᠮ︾ ᠢ | ᠭᠦᠢᠴᠡᠳ ᠠᠰᠢᠭᠯᠠᠨ᠂ ᠵᠢᠷᠤᠭ ᠤᠨ ᠲᠣᠯᠪᠤ ᠨᠢᠭᠡᠪᠦᠷᠢ ᠳᠤ ᠲᠥᠷᠥᠯ ᠵᠦᠢᠯ ᠤᠨ ᠰᠠᠭᠤᠷᠢ ᠮᠡᠳᠡᠭᠡ ᠵᠠᠩᠭᠢ ᠶᠢ | ᠣᠷᠣᠭᠤᠯᠬᠤ᠂ ᠲᠤᠬᠠᠶ ᠶᠢᠨ ᠲᠠᠯᠠᠪᠤᠷ ᠤᠨ ᠬᠡᠷᠡᠯ ᠵᠢᠷᠤᠭ ᠢ ᠰᠡᠭᠦᠳᠡᠷᠯᠡᠬᠦ᠂ ᠪᠢᠴᠢᠭ ᠮᠠᠲ᠋ᠧᠷᠢᠶᠠᠯ ᠢ ᠳᠡᠭᠡᠭᠰᠢ | ᠳᠠᠮᠵᠢᠭᠤᠯᠬᠤ ᠵᠡᠷᠭᠡ ᠭᠤᠭᠴᠤᠭ᠎ᠠ ᠶᠢ ᠪᠠᠭᠲᠠᠭᠠᠵᠤ᠂ ᠳᠠᠬᠢᠨ ᠬᠢᠨᠠᠬᠤ ᠠᠵᠢᠯ ᠤᠨ ᠣᠨᠣᠪᠴᠢᠲᠤ ᠴᠢᠨᠠᠷ ᠪᠠ ᠪᠦᠷᠢᠨ | ᠪᠦᠲᠦᠨ ᠴᠢᠨᠠᠷ ᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠠᠵᠢᠯᠯᠠᠬᠤ ᠳᠤᠭᠤᠶᠢᠯᠠᠩ ᠪᠠᠰᠠ ᠲᠥᠷᠥᠯ | ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠥᠷᠥᠰᠥ ᠰᠢᠷᠣᠶ ᠶᠢ ᠬᠠᠮᠠᠭᠠᠯᠠᠬᠤ | ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠨ᠂ ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠶᠠᠪᠤᠴᠠ ᠳᠤ᠂ ᠬᠥᠷᠥᠰᠥ ᠰᠢᠷᠣᠶ ᠶᠢ ᠬᠠᠮᠠᠭᠠᠯᠠᠬᠤ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ | ᠡᠯ᠎ᠡ ᠵᠦᠢᠯ ᠤᠨ ᠤᠰᠤᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ | ᠠᠬᠤᠶ ᠶᠢᠨ ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ |