2 ᠰᠠᠷ᠎ᠠ ᠶᠢᠨ 13 ᠤ ᠡᠳᠦᠷ᠂ ᠨᠠᠷᠠᠨᠪᠣᠯᠠᠭ ᠰᠣᠮᠣ 2025 ᠣᠨ ᠤ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠣᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠰᠡᠷᠡᠮᠵᠢᠯᠡᠭᠦᠯᠬᠦ ᠬᠦᠮᠦᠵᠢᠯ ᠤᠨ | ᠬᠤᠷᠠᠯ ᠬᠤᠷᠠᠯᠳᠤᠭᠤᠯᠵᠤ᠂ ᠰᠣᠮᠣᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ᠂ ᠪᠦᠬᠦ ᠺᠠᠳ᠋ᠷ | ᠠᠵᠢᠯᠲᠠᠳ ᠬᠤᠷᠠᠯ ᠳᠤ ᠤᠷᠤᠯᠴᠠᠵᠤ᠂ ᠰᠣᠮᠣᠨ ᠤ ᠨᠠᠮ ᠤᠨ ᠬᠤᠷᠢᠶᠠᠨ ᠤ ᠱᠦᠵᠢ ᠬᠤᠷᠠᠯ ᠡᠷᠬᠢᠯᠡᠪᠡ᠃ | ᠬᠤᠷᠠᠯ ᠲᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠠᠷᠪᠠᠨ | ᠲᠦᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠣᠳᠠᠭᠠᠨ ᠤ ᠪᠦᠬᠦ | ᠭᠡᠰᠢᠭᠦᠳ ᠤᠨ ︵ᠦᠷᠭᠡᠳᠬᠡᠭᠰᠡᠨ︶ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠬᠢᠨᠠᠨ ᠪᠠᠶᠢᠴᠠᠭᠠᠬᠤ | ᠵᠦᠪᠯᠡᠯ ᠤᠨ ᠲᠦᠷᠪᠡᠳᠦᠭᠡᠷ ᠬᠤᠷᠠᠯ︾ ᠤᠨ ᠵᠣᠷᠢᠭ ᠰᠠᠨᠠᠭ᠎ᠠ ᠶᠢ ᠣᠯᠠᠮᠵᠢᠯᠠᠵᠤ᠂ ᠬᠤᠰᠢᠭᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠷᠤᠮᠠᠯᠯᠠᠨ ᠲᠠᠷᠬᠠᠭᠠᠭᠰᠠᠨ ︽ᠭᠠᠴᠠᠭᠠᠨ ᠤ ᠬᠠᠮᠲᠤ ᠶᠢᠨ ᠪᠡᠯᠡ ᠮᠦᠩᠭᠦ᠂ ᠡᠳ᠋ | ᠬᠦᠷᠦᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠪᠤᠶᠢᠮ᠎ᠠ ᠠᠰᠠᠭᠤᠳᠠᠯ ᠤᠨ ᠨᠡᠶᠢᠲᠡᠯᠢᠭ ᠬᠡᠷᠡᠭ ᠤᠨ ᠲᠤᠬᠠᠢ | ᠮᠡᠳᠡᠭᠡᠯᠡᠯ︾ ︽ᠲᠥᠪ ᠬᠤᠷᠢᠶᠠᠨ ᠤ ᠨᠠᠢᠮᠠᠨ ᠵᠤᠷᠪᠣᠰ ᠲᠤᠭᠲᠠᠭᠠᠯ ᠤᠨ ᠵᠤᠷᠢᠭ ᠰᠠᠨᠠᠭ᠎ᠠ ᠪᠠ ᠨᠠᠮ ᠤᠨ ᠭᠡᠰᠢᠭᠦᠨ | ᠺᠠᠳ᠋ᠷ ᠠᠵᠢᠯᠲᠠᠳ ᠤᠨ ᠠᠷᠢᠬᠢ ᠣᠣᠭᠤᠵᠤ ᠲᠡᠷᠭᠡ ᠵᠢᠯᠤᠭᠤᠳᠤᠭᠰᠠᠨ᠂ ᠰᠤᠭᠳᠤᠭᠤ ᠪᠠᠷ ᠲᠡᠷᠭᠡ ᠵᠢᠯᠤᠭᠤᠳᠤᠭᠰᠠᠨ | ᠬᠡᠷᠡᠭ ᠤᠨ ᠲᠤᠬᠠᠢ ᠮᠡᠳᠡᠭᠡᠯᠡᠯ︾ ᠤᠨ ᠠᠭᠤᠯᠭ᠎ᠠ ᠶᠢ ᠵᠠᠷᠯᠠᠨ ᠮᠡᠳᠡᠭᠳᠡᠭᠰᠡᠨ ᠪᠦᠭᠡᠳ 2025 ᠣᠨ ᠤ ᠨᠠᠮ ᠤᠨ | ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠬᠤᠷᠠᠯ ᠠᠴᠠ᠂ ᠨᠢᠭᠡ ᠳᠤ᠂ ᠨᠠᠮ ᠤᠨ ᠬᠤᠷᠢᠶᠠᠨ ᠤ ᠭᠤᠣᠯ ᠴᠤᠭᠴᠠ ᠶᠢᠨ ᠬᠠᠷᠢᠭᠤᠴᠠᠯᠭ᠎ᠠ ᠪᠣᠯᠣᠨ | ᠤᠳᠤᠷᠢᠳᠬᠤ ᠺᠠᠲᠠᠷᠴᠤᠳ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠠᠳᠬᠤᠵᠤ᠂ | ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠲᠠᠢ ᠪᠠᠨ | ᠣᠶᠠᠯᠳᠤᠭᠤᠯᠵᠤ᠂ ᠠᠵᠢᠯ ᠤᠨ ᠴᠢᠭᠯᠡᠯ ᠪᠠ ᠡᠭᠦᠷᠭᠡ ᠬᠠᠷᠢᠭᠤᠴᠠᠯᠭ᠎ᠠ ᠪᠠᠨ ᠣᠯᠠᠮ ᠨᠢᠭᠡ ᠠᠯᠬᠤᠮ ᠲᠤᠳᠤᠷᠬᠠᠶᠢᠯᠠᠵᠤ᠂ | ᠰᠣᠮᠣᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠠᠵᠢᠯ ᠢ | ᠦᠨᠡᠨᠬᠦ ᠠᠬᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠭᠠᠴᠠᠭᠠᠨ ᠤ ᠬᠠᠮᠲᠤ ᠶᠢᠨ ᠪᠡᠯᠡ ᠮᠦᠩᠭᠦ᠂ ᠡᠳ᠋ ᠬᠦᠷᠦᠩᠭᠡ᠃ | ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠯ᠎ᠠ ᠪᠠᠷ ᠬᠢ ᠵᠢᠯᠤᠭᠤᠳᠤᠯᠭ᠎ᠠ ᠪᠠᠨ ᠴᠢᠩᠭᠠᠳᠬᠠᠵᠤ᠂ ᠡᠯ᠎ᠡ ᠭᠠᠴᠠᠭᠠᠨ ᠤ | ᠡᠭᠦᠷ ᠵᠦᠪᠯᠡᠯ ᠢ ᠱᠠᠭᠠᠷᠳᠠᠨ ︽ᠭᠤᠷᠪᠠᠨ ᠡᠬᠢ ᠪᠠᠶᠠᠯᠢᠭ︾ ᠶᠢᠨ ᠬᠠᠮᠢᠶᠠᠷᠤᠯᠲᠠ ᠶᠢᠨ ᠲᠦᠷᠢᠮ᠂ ︽ᠲᠥᠷᠪᠡ ᠶᠢ | ᠵᠦᠪᠯᠡᠵᠦ ᠬᠤᠶᠠᠷ ᠢ ᠢᠯᠡ ᠪᠣᠯᠭᠠᠬᠤ︾ ᠬᠡᠷᠡᠭ ᠵᠦᠪᠯᠡᠵᠦ ᠰᠢᠢᠳᠪᠦᠷᠢᠲᠤ ᠪᠤᠳᠣᠯᠭ᠎ᠠ ᠲᠤᠭᠲᠠᠭᠠᠬᠤ ᠲᠥᠷᠢᠮ ᠢ | ᠴᠢᠩᠭ᠎ᠠ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠬᠠᠮᠢᠶᠠᠷᠣᠯᠲᠠ ᠪᠠ ︽ᠭᠤᠷᠪᠠᠨ ᠶᠠᠪᠤᠳᠠᠯ︾ ᠢ ᠢᠯᠡ ᠨᠡᠶᠢᠲᠡᠯᠡᠬᠦ | ᠠᠵᠢᠯ ᠢ ᠣᠯᠠᠮ ᠨᠢᠭᠡ ᠠᠯᠬᠤᠮ ᠵᠢᠷᠣᠮᠵᠢᠭᠤᠯᠤᠨ᠂ ᠡᠷᠬᠡ ᠶᠢ ᠢᠯᠡ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠬᠤ | ᠬᠡᠷᠡᠭᠲᠡᠢ᠃ ᠭᠤᠷᠪᠠ᠂ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠳ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ | ᠪᠣᠯᠭᠠᠵᠤ᠂ ᠣᠬᠠᠮᠰᠠᠷ ᠢᠶᠠᠨ ᠦᠨᠡᠨᠬᠦ ᠴᠢᠩᠭᠠᠳᠬᠠᠵᠤ᠂ ᠬᠤᠷᠢᠭ᠎ᠠ ᠱᠣᠭᠤᠮ ᠢ ᠰᠠᠶᠢᠳᠤᠷ ᠰᠠᠬᠢᠵᠤ᠂ ᠠᠯᠪᠠᠨ ᠤ | ᠮᠦᠩᠭᠦ ᠪᠠᠷ ᠬᠤᠪᠢ ᠶᠢᠨ ᠲᠡᠷᠭᠡ ᠪᠠᠨ ᠲᠡᠵᠢᠭᠡᠬᠦ᠂ ᠠᠷᠢᠬᠢ ᠣᠣᠭᠤᠵᠤ ᠲᠡᠷᠭᠡ ᠵᠢᠯᠤᠭᠤᠳᠬᠤ᠂ ᠰᠤᠭᠳᠤᠭᠤ ᠪᠠᠷ | ᠲᠡᠷᠭᠡ ᠵᠢᠯᠤᠭᠤᠳᠬᠤ ᠵᠡᠷᠭᠡ ᠰᠠᠬᠢᠯᠭ᠎ᠠ ᠪᠠᠲᠤ ᠬᠠᠣᠯᠢ ᠴᠠᠭᠠᠵᠠ ᠶᠢ ᠵᠦᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ | ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃ |