ᠨᠠᠷᠠᠨᠪᠣᠯᠠᠭ ᠰᠣᠮᠣ ᠨᠡᠶᠢᠭᠡᠮ ᠤᠨ ᠠᠮᠤᠷ ᠳᠦᠪᠰᠢᠨ ᠢ ᠶᠡᠷᠦᠩᠬᠡᠶᠢᠯᠡᠭᠰᠡᠨ ᠵᠠᠰᠠᠬᠤ ᠲᠥᠪ ᠤᠨ ᠫᠠᠶᠢᠰᠠ ᠰᠡᠬᠦᠬᠦ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/2/27
     ᠰᠢᠨ᠎ᠡ ᠴᠠᠭ ᠥᠶ᠎ᠡ ᠶᠢᠨ ︽ᠹᠧᠩ ᠴᠢᠶᠣᠣ ᠶᠢᠨ ᠳᠤᠷᠰᠢᠯᠭ᠎ᠠ︾ ᠶᠢ ᠣᠯᠠᠮ ᠨᠢᠭᠡ ᠠᠯᠬᠤᠮ ᠰᠠᠶᠢᠳᠤᠷ ᠪᠠᠷᠢᠮᠲᠠᠯᠠᠨ ᠬᠦᠭᠵᠢᠬᠦᠯᠵᠦ᠂ ᠵᠦᠷᠢᠴᠡᠯ ᠵᠢᠭᠤᠷᠠᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠲᠤᠭᠲᠠᠴᠠ ᠶᠢ ᠪᠦᠷᠢᠨᠰᠢᠭᠦᠯᠦᠨ᠂ ᠦᠷᠭᠡᠨ ᠣᠯᠠᠨ ᠮᠠᠯᠴᠢᠨ ᠲᠦᠮᠡᠨ ᠤ ᠵᠦᠷᠢᠴᠡᠯ ᠵᠢᠭᠤᠷᠠᠭᠠᠨ ᠢ ᠨᠡᠩ ᠰᠠᠶᠢᠳᠤᠷ ᠰᠢᠢᠳᠪᠦᠷᠢᠯᠡᠬᠦ ᠶᠢᠨ ᠲᠦᠯᠦᠭᠡ᠂ 2 ᠰᠠᠷ᠎ᠠ ᠶᠢᠨ 19 ᠤ ᠡᠳᠦᠷ᠂ ᠨᠠᠷᠠᠨᠪᠣᠯᠠᠭ ᠰᠣᠮᠣ ᠨᠡᠶᠢᠭᠡᠮ ᠤᠨ ᠠᠮᠤᠷ ᠳᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠫᠠᠶᠢᠰᠠ ᠰᠡᠬᠦᠬᠦ ᠶᠤᠰᠤᠯᠠᠯ ᠶᠠᠪᠤᠭᠳᠠᠭᠤᠯᠵᠤ᠂ ᠰᠣᠮᠣᠨ ᠤ ᠤᠳᠤᠷᠢᠳᠬᠤ ᠪᠠᠭ ᠤᠨ ᠭᠡᠰᠢᠭᠦᠳ᠂ ᠬᠢᠯᠢ ᠶᠢᠨ ᠲᠤᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠶᠢᠨ ᠬᠠᠷᠢᠭᠤᠴᠠᠯᠭᠠᠳᠠᠨ ᠨᠠᠷ ᠤᠷᠤᠯᠴᠠᠪᠠ᠃      ᠨᠡᠶᠢᠭᠡᠮ ᠤᠨ ᠠᠮᠤᠷ ᠳᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠭᠳᠠᠭᠰᠠᠨ ᠨᠢ ᠵᠦᠷᠢᠴᠡᠯ ᠵᠢᠭᠤᠷᠠᠭᠠᠨ ᠢ ᠰᠡᠷᠭᠡᠶᠢᠯᠡᠨ ᠠᠷᠢᠯᠭᠠᠬᠤ ᠶᠢᠨ ᠬᠠᠤᠯᠢ ᠪᠠᠷ ᠵᠠᠰᠠᠬᠤ ᠬᠢᠷᠢ ᠳᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠦᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠠᠮᠵᠢᠯᠴᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠲᠦᠷᠦᠯ ᠤᠨ ᠵᠦᠷᠢᠴᠡᠯ ᠵᠢᠭᠤᠷᠠᠭᠠᠨ ᠢ ᠴᠠᠭ ᠲᠤᠬᠠᠢ ᠳᠤ ᠨᠢ ᠪᠦᠳᠦᠮᠵᠢᠲᠡᠢ ᠰᠢᠢᠳᠪᠦᠷᠢᠯᠡᠨ᠂ ᠵᠦᠷᠢᠴᠡᠯ ᠬᠤᠷᠠᠮᠳᠤᠭᠰᠠᠨ ᠠᠴᠠ ᠪᠣᠯᠣᠭᠰᠠᠨ ᠨᠡᠶᠢᠭᠡᠮ ᠤᠨ ᠲᠤᠭᠳᠠᠭᠤᠨ ᠪᠤᠰᠤ ᠬᠦᠴᠦᠨ ᠵᠦᠢᠯ ᠶᠢ ᠪᠠᠭᠠᠰᠬᠠᠵᠤ᠂ ᠮᠠᠯᠴᠢᠨ ᠲᠦᠮᠡᠨ ᠳᠤ ᠨᠡᠩ ᠲᠦᠭᠦᠮ ᠲᠦᠳᠡ᠂ ᠦᠨᠳᠦᠷ ᠪᠦᠳᠦᠮᠵᠢᠲᠡᠢ ᠦᠢᠯᠡᠴᠢᠯᠡᠭᠡ ᠪᠠ ᠰᠣᠮᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠳᠤ ᠰᠠᠭᠤᠷᠢ ᠲᠠᠯᠪᠢᠪᠠ᠃      ᠳᠠᠷᠠᠭᠠᠴᠢ ᠶᠢᠨ ᠠᠯᠬᠤᠮ ᠳᠤ᠂ ᠨᠠᠷᠠᠨᠪᠣᠯᠠᠭ ᠰᠣᠮᠣᠨ ᠤ ᠨᠡᠶᠢᠭᠡᠮ ᠤᠨ ᠠᠮᠤᠷ ᠳᠦᠪᠰᠢᠨ ᠢ ᠶᠠᠷᠦᠩᠬᠡᠶᠢᠯᠡᠨ ᠵᠠᠰᠠᠬᠤ ᠲᠥᠪ ᠨᠢ ︽ᠣᠯᠠᠨ ᠲᠦᠮᠡᠨ ᠳᠤ ᠲᠦᠭᠦᠮ ᠦᠵᠡᠭᠦᠯᠬᠦ᠂ ᠬᠠᠤᠯᠢ ᠪᠠᠷ ᠵᠠᠰᠠᠬᠤ ᠶᠢ ᠬᠡᠷᠡᠭᠵᠢᠬᠦᠯᠬᠦ᠂ ᠪᠣᠳᠠᠳᠤ ᠦᠷ᠎ᠡ ᠪᠦᠳᠦᠮᠵᠢ ᠶᠢ ᠴᠢᠬᠤᠯᠠᠴᠢᠯᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠵᠢᠷᠤᠮᠵᠢᠭᠰᠠᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠮᠠᠯᠴᠢᠨ ᠲᠦᠮᠡᠨ ᠳᠤ ︽ᠨᠢᠭᠡ ᠦᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠵᠦᠷᠢᠴᠠᠯ ᠵᠢᠭᠤᠷᠠᠭᠠᠨ ᠢ ᠣᠶᠢᠷ᠎ᠠ ᠬᠠᠪᠢ ᠳᠤ ᠨᠢ ᠰᠢᠢᠳᠪᠦᠷᠢᠯᠡᠬᠦ ᠶᠢ ᠪᠡᠶᠡᠯᠡᠭᠦᠯᠬᠦ ᠶᠢᠨ ᠬᠠᠮᠲᠤ᠂ ᠵᠦᠷᠢᠴᠡᠯ ᠵᠢᠭᠤᠷᠠᠭᠠᠨ ᠢ ᠰᠢᠢᠳᠪᠦᠷᠢᠯᠡᠬᠦ ᠰᠢᠨ᠎ᠡ ᠠᠷᠭ᠎ᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠮᠠᠯᠴᠢᠨ ᠲᠦᠮᠡᠨ ᠳᠤ ᠨᠡᠩ ᠣᠯᠠᠨ ᠡᠰᠢᠲᠦ᠂ ᠲᠦᠭᠦᠮ ᠲᠦᠳᠡ ᠠᠰᠠᠭᠤᠳᠠᠯ ᠢ ᠰᠢᠢᠳᠪᠦᠷᠢᠯᠡᠬᠦ ᠠᠷᠭ᠎ᠠ ᠮᠠᠶ᠋ᠢᠭ ᠢ ᠬᠠᠨᠳᠤᠯᠭᠠᠲᠤ ᠴᠢᠨᠠᠷᠲᠠᠢ ᠪᠠᠷ ᠬᠠᠩᠭᠠᠵᠤ᠂ ᠮᠠᠯᠴᠢᠨ ᠲᠦᠮᠡᠨ ᠤ ᠠᠮᠤᠷ ᠳᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号